ᠰᠢ ᠶᠢᠨ ᠫᠢᠩ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯ ᠳᠤ ᠴᠢᠬᠤᠯᠠ ᠵᠢᠭᠠᠪᠤᠷᠢ ᠦᠭᠴᠦ ᠴᠢᠬᠤᠯᠠᠴᠢᠯᠠᠬᠰᠠᠨ ᠨᠢ ᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠦ ᠨᠡᠩ ᠤᠯᠠᠨ ᠬᠡᠪ ᠴᠢᠨᠠᠷ ᠰᠠᠶᠢᠲᠠᠢ ᠤᠷ᠎ᠠ ᠮᠡᠷᠭᠡᠵᠢᠯ ᠤᠨ ᠴᠢᠳᠠᠪᠤᠷᠢᠳᠠᠨ ᠶᠡᠭᠡ ᠤᠯᠤᠰ ᠤᠨ ᠤᠷᠠᠨ ᠳᠠᠷᠬᠠᠨ ᠢ ᠬᠦᠮᠦᠵᠢᠬᠦᠯᠬᠦ ᠭᠡᠷᠡᠭᠲᠡᠢ ᠯᠢ ᠺᠧ ᠴᠢᠶᠠᠩ ᠴᠤᠬᠤᠯᠠᠪᠤᠷᠢ ᠦᠭᠪᠡ
ᠨᠡᠶᠢᠲᠡᠯᠡᠭᠰᠡᠨ ᠴᠠᠭ᠄
2021/4/14
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 13 ᠤ ᠴᠠᠬᠢᠯᠭᠠᠨ ᠮᠡᠳᠡᠭᠡ   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯ ᠳᠤ ᠴᠢᠬᠤᠯᠠ ᠵᠢᠭᠠᠪᠤᠷᠢ ᠦᠭᠬᠦ ᠳᠡᠭᠡᠨ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠳᠤᠮᠳᠠ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠯᠤᠰ ᠢᠷᠡᠭᠡᠳᠦᠢ ᠭᠡᠭᠡᠨ ᠰᠠᠷᠠᠭᠤᠯ᠂ ᠶᠡᠭᠡᠭᠡᠨ ᠠᠵᠢᠯ ᠶᠠᠪᠤᠳᠠᠯ ᠪᠦᠳᠦᠭᠡᠵᠦ ᠪᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠰᠤᠷᠭᠠᠭᠤᠯᠢ ᠡᠷᠬᠢᠯᠡᠬᠦ ᠵᠦᠪ ᠴᠢᠭᠯᠡᠯ ᠢ ᠪᠠᠷᠢᠮᠳᠠᠯᠠᠨ᠂ ᠶᠤᠰᠤ ᠰᠤᠷᠳᠠᠬᠤᠨ ᠢᠶᠠᠷ ᠬᠦᠮᠦᠨ ᠬᠦᠮᠦᠵᠢᠬᠦᠯᠬᠦ ᠶᠢ ᠪᠠᠷᠢᠮᠳᠠᠯᠠᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠷᠦᠯ ᠭᠡᠯᠪᠡᠷᠢ ᠶᠢᠨ ᠪᠠᠶᠢᠷᠢ ᠲᠤᠭᠳᠠᠭᠠᠯᠳᠠ ᠶᠢ ᠰᠢᠯᠢᠳᠡᠭᠵᠢᠬᠦᠯᠦᠨ᠂ ᠦᠢᠯᠡᠳᠪᠤᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠬᠦᠮᠦᠨ ᠬᠦᠮᠦᠵᠢᠬᠦᠯᠬᠦ ᠠᠷᠭ᠎ᠠ ᠭᠡᠯᠪᠡᠷᠢ᠂ ᠰᠤᠷᠭᠠᠭᠤᠯᠢ ᠡᠷᠬᠢᠯᠡᠬᠦ ᠵᠠᠬᠪᠤᠷ᠂ ᠬᠠᠮᠢᠶᠠᠷᠤᠯᠳᠠ ᠶᠢᠨ ᠪᠠᠶᠢᠭᠤᠯᠤᠮᠵᠢ᠂ ᠪᠠᠳᠤᠯᠠᠭᠠᠨ ᠤ ᠲᠤᠭᠳᠠᠴᠠ ᠶᠢᠨ ᠦᠭᠡᠷᠡᠴᠢᠯᠡᠯᠳᠠ ᠶᠢ ᠬᠦᠨᠵᠡᠭᠡᠢ ᠠᠬᠢᠭᠤᠯᠤᠨ᠂ ᠠᠵᠢᠯ ᠮᠡᠷᠭᠡᠵᠢᠯ ᠤᠨ ᠵᠢᠩᠬᠢᠨᠢ ᠠᠩᠬᠢ ᠶᠢᠨ ᠰᠤᠷᠭᠠᠨ ᠬᠦᠮᠦᠵᠢᠯ ᠢ ᠲᠤᠭᠳᠠᠭᠤᠨ ᠢᠶᠠᠷ ᠬᠦᠭᠵᠢᠬᠦᠯᠵᠦ᠂ ᠨᠢᠭᠡ ᠪᠦᠯᠦᠭ ᠦᠨᠳᠦᠷ ᠲᠦᠪᠰᠢᠨ ᠲᠠᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ ᠢ ᠪᠦᠳᠦᠭᠡᠨ ᠪᠠᠶᠢᠭᠤᠯᠵᠦ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠡᠩ ᠤᠨ ᠰᠤᠷᠭᠠᠨ ᠬᠦᠮᠦᠵᠢᠯ ᠤᠨ ᠠᠭᠤᠰᠤᠯᠴᠠᠭ᠎ᠠ ᠨᠡᠪᠳᠡᠷᠡᠯᠴᠡᠭᠡ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠤᠬᠢᠴᠠᠬᠤ ᠴᠢᠨᠠᠷ ᠢ ᠴᠢᠩᠭᠠᠳᠬᠠᠵᠦ᠂ ᠤᠳᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠨᠡᠩ ᠤᠯᠠᠨ ᠬᠡᠪ ᠴᠢᠨᠠᠷ ᠰᠠᠶᠢᠲᠠᠢ ᠤᠷ᠎ᠠ ᠮᠡᠷᠭᠡᠵᠢᠯ ᠤᠨ ᠴᠢᠳᠠᠪᠤᠷᠢᠳᠠᠨ ᠶᠡᠭᠡ ᠤᠯᠤᠰ ᠤᠨ ᠤᠷᠠᠨ ᠳᠠᠷᠬᠠᠨ ᠢ ᠬᠦᠮᠦᠵᠢᠬᠦᠯᠬᠦ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠲᠦᠷᠢᠮ ᠤᠨ ᠰᠢᠨᠡᠴᠢᠯᠡᠯᠳᠠ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ᠂ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠤᠷᠠᠨ ᠳᠠᠷᠬᠠᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠷ᠎ᠠ ᠮᠡᠷᠭᠡᠵᠢᠯ ᠤᠨ ᠴᠢᠳᠠᠪᠤᠷᠢᠳᠠᠨ ᠤ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠬᠦᠯᠵᠦ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠶᠢᠨ ᠲᠦᠯᠦᠭᠡ ᠴᠢᠳᠠᠪᠤᠷᠢᠳᠠᠨ ᠪᠠ ᠮᠡᠷᠭᠡᠵᠢᠯ ᠤᠨ ᠬᠦᠴᠦᠳᠦ ᠲᠤᠯᠭᠠᠭᠤᠷᠢᠯᠠᠯ ᠬᠠᠩᠭᠠᠬᠤ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶᠠᠨ ᠤ ᠤᠯᠤᠰ ᠲᠦᠷᠤ ᠶᠢᠨ ᠲᠤᠪᠴᠢᠶᠠᠨ ᠤ ᠪᠠᠶᠢᠡᠭᠭᠤ ᠶᠢᠨ ᠭᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠭᠡᠢ ᠰᠠᠶᠢᠳ ᠯᠢ ᠺᠧ ᠴᠢᠶᠠᠩ ᠴᠤᠬᠤᠯᠠᠪᠤᠷᠢ ᠦᠭᠬᠦ ᠳᠡᠭᠡᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯ ᠤᠷ᠎ᠠ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠵᠤ᠂ ᠠᠵᠢᠯ ᠤᠯᠭᠤᠬᠤ ᠦᠢᠯᠡᠰ ᠪᠤᠰᠬᠠᠬᠤ ᠰᠢᠨ᠎ᠡ ᠶᠢ ᠡᠬᠦᠳᠬᠦ ᠶᠢ ᠠᠬᠢᠭᠤᠯᠵᠤ᠂ ᠲᠤᠮᠳᠠᠳᠤ ᠤᠯᠤᠰ ᠤᠨ ᠦᠢᠯᠡᠳᠭᠡᠯ ᠪᠠ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠬᠦ ᠶᠢ ᠠᠬᠢᠭᠤᠯᠬᠤ ᠴᠢᠬᠤᠯᠠ ᠰᠠᠭᠤᠷᠢ ᠪᠤᠯᠤᠨ᠎ᠡ᠃ ᠤᠢᠢᠷ᠎ᠡ ᠶᠢᠨ ᠵᠢᠯ ᠠᠴᠠ᠂ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢ ᠠᠬᠢᠭᠤᠯᠤᠭᠠᠳ ᠢᠯᠡᠳᠳᠡ ᠠᠮᠵᠢᠯᠳᠠ ᠪᠦᠳᠦᠮᠵᠢ ᠣᠯᠵᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠤᠯᠤᠰ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠦᠢᠯᠡᠴᠢᠯᠡᠬᠦ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠦ᠂ ᠦᠭᠡᠷᠡᠴᠢᠯᠡᠯᠳᠠ ᠬᠢᠵᠦ ᠰᠢᠨ᠎ᠡ ᠶᠢ ᠡᠬᠦᠳᠬᠦ ᠶᠢ ᠬᠦᠴᠤᠯᠠᠨ ᠠᠬᠢᠭᠤᠯᠵᠤ᠂ ᠲᠡᠷᠢᠬᠦᠨ ᠤ ᠲᠤᠷᠰᠢᠯᠭ᠎ᠠ ᠪᠠᠷ ᠲᠤᠯᠢ ᠪᠤᠯᠭᠠᠵᠤ᠂ ᠦᠨᠳᠤᠷ ᠲᠦᠪᠰᠢᠨ᠂ ᠦᠨᠳᠤᠷ ᠲᠡᠰ ᠲᠠᠪᠬᠤᠷᠭ᠎ᠠ ᠶᠢᠨ ᠤᠷ᠎ᠠ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠰᠢᠰᠲ᠋ᠧᠮ ᠢ ᠴᠢᠷᠮᠠᠶᠢᠨ ᠪᠠᠶᠢᠭᠤᠯᠬᠤ ᠭᠡᠷᠡᠭᠳᠠᠢ᠃ ᠮᠡᠷᠭᠡᠵᠢᠯ ᠤᠨ ᠬᠤᠪᠢᠰᠤᠯᠳᠠ ᠪᠠ ᠠᠵᠤ ᠦᠢᠯᠡᠰ ᠤᠨ ᠰᠢᠯᠢᠳᠡᠭᠵᠢᠨ ᠲᠡᠰ ᠲᠠᠪᠰᠢᠬᠦ ᠴᠢᠭᠯᠡᠯ ᠢ ᠤᠨᠢᠯᠠᠵᠤ᠂ ᠦᠢᠯᠡᠳᠪᠤᠷᠢᠯᠡᠯ ᠬᠢᠴᠢᠶᠠᠯ ᠬᠦᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠠᠵᠤ ᠠᠬᠤᠢᠢᠯᠠᠯ ᠤᠨ ᠬᠠᠮᠳᠤᠷᠠᠯᠴᠠᠭ᠎ᠠ ᠶᠢ ᠠᠬᠢᠭᠤᠯᠵᠤ᠂ ᠨᠡᠩ ᠤᠯᠠᠨ ᠵᠠᠯᠠᠭᠤᠴᠤᠳ ᠢ ᠲᠠᠳᠠᠨ ᠠᠪᠴᠢᠷᠠᠵᠤ ᠠᠵᠢᠯ ᠮᠡᠷᠭᠡᠵᠢᠯ ᠤᠨ ᠤᠷ᠎ᠡ ᠮᠡᠷᠭᠡᠵᠢᠯ ᠤᠨ ᠰᠤᠷᠭᠠᠨ ᠬᠦᠮᠤᠵᠢᠯ ᠬᠦᠷᠳᠡᠭᠡᠵᠤ᠂ ᠰᠤᠷᠭᠠᠨ ᠬᠦᠮᠦᠵᠢᠯ ᠤᠨ ᠬᠡᠯᠬᠢᠶ᠎ᠡ᠂ ᠴᠢᠳᠠᠪᠤᠷᠢᠳᠠᠨ ᠤ ᠬᠡᠯᠬᠢᠶ᠎ᠡ ᠪᠤᠯᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠬᠦᠳᠬᠦ ᠭᠡᠯᠬᠢᠶ᠎ᠡ ᠶᠢᠨ ᠪᠦᠳᠦᠮᠵᠢᠳᠠᠢ ᠵᠤᠯᠭᠠᠯᠴᠠᠬᠤ ᠶᠢ ᠠᠬᠢᠭᠤᠯᠬᠤ ᠭᠡᠷᠡᠭᠳᠠᠢ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡ ᠪᠠ ᠰᠤᠷᠭᠠᠭᠤᠯᠢ ᠡᠷᠬᠢᠯᠡᠬᠦ ᠨᠦᠬᠦᠴᠡᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠶᠢ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠱᠠᠪᠢ ᠬᠦᠮᠦᠵᠢᠭᠦᠯᠬᠦ ᠲᠦᠷᠢᠮ ᠢ ᠬᠠᠶᠢᠨ ᠰᠦᠪᠡᠭᠴᠢᠯᠡᠵᠤ᠂ ᠰᠤᠷᠤᠬᠴᠢᠳ ᠤᠨ ᠤᠷᠠᠨ ᠲᠠᠷᠬᠠᠨ ᠤ ᠵᠤᠷᠢᠭ ᠰᠠᠨᠠᠭ᠎ᠠ ᠪᠠ ᠨᠢᠬᠳᠠ ᠠᠴᠠ ᠨᠢᠬᠳᠠ ᠪᠠᠶᠢᠬᠤ ᠲᠠᠳᠬᠠᠯ ᠢ ᠪᠤᠢ ᠪᠤᠯᠭᠠᠬᠤ ᠶᠢ ᠴᠢᠬᠤᠯᠠᠴᠢᠯᠠᠵᠤ᠂ ᠬᠡᠪ ᠴᠢᠨᠠᠷ ᠰᠠᠶᠢᠳᠠᠢ ᠲᠦᠭ ᠲᠦᠮᠡᠨ ᠤᠷ᠎ᠠ ᠮᠡᠷᠭᠡᠵᠢᠯ ᠤᠨ ᠴᠢᠳᠠᠪᠤᠷᠢᠳᠠᠨ ᠢ ᠴᠢᠷᠮᠠᠶᠢᠨ ᠬᠦᠮᠦᠵᠢᠬᠦᠯᠵᠤ᠂ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠳᠤ ᠪᠠᠳᠤ ᠴᠢᠩᠭ᠎ᠠ ᠲᠤᠯᠭᠠᠭᠤᠷᠢᠯᠠᠯ ᠬᠠᠨᠭ᠍ᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ 4 ᠰᠠᠷ᠎ᠠ ᠶᠢᠨ 12 ᠠᠴᠠ 13 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠵᠤ᠂ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠤᠰᠤ ᠰᠤᠷᠳᠠᠬᠤᠨ ᠢᠶᠠᠷ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ ᠲᠦᠷᠦᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠵᠢᠩᠬᠢᠨᠢ ᠠᠩᠭᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠮᠦᠵᠢᠭᠦᠯᠬᠦ ᠰᠢᠰᠲ᠋ᠧᠮ ᠢ ᠨᠢᠭᠡ ᠴᠣᠭᠴᠠᠵᠢᠭᠤᠯᠤᠨ ᠲᠥᠯᠥᠪᠯᠡᠵᠦ᠂ ︽ᠭᠤᠷᠪᠠᠨ ᠰᠤᠷᠭᠠᠨ ᠬᠥᠮᠦᠵᠢᠯ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠠᠵᠢᠯ ᠤᠨ ᠪᠠᠶᠢᠷᠢ ᠬᠢᠴᠢᠶᠡᠯ ᠤᠷᠤᠯᠳᠤᠭᠠᠨ ᠬᠢᠷᠢ ᠭᠡᠮ ᠤᠨ ᠦᠨᠡᠮᠯᠡᠯ︾ ᠢᠶᠠᠷ ᠶᠡᠷᠦᠩᠬᠡᠶᠢᠯᠡᠨ ᠬᠥᠮᠦᠨ ᠢ ᠬᠥᠮᠦᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠯᠠᠨ ᠡᠰᠢᠴᠢᠯᠡᠭᠰᠡᠨ ᠰᠤᠷᠭᠠᠭᠤᠯᠢ ᠡᠷᠬᠢᠯᠡᠬᠦ ᠪᠠᠶᠢᠷᠢᠰᠢᠯ ᠢ ᠪᠦᠷᠢᠨᠰᠢᠬᠦᠯᠵᠤ᠂ ᠦᠢᠯᠡᠳᠪᠦᠷᠢᠯᠡᠯ ᠬᠢᠴᠢᠶᠡᠯ ᠬᠦᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠦᠷᠦ ᠶᠢᠨ ᠪᠤᠳᠤᠯᠭ᠎ᠠ ᠶᠢ ᠨᠠᠷᠢᠯᠢᠬᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠦᠨᠡᠯᠡᠯᠲᠡ ᠶᠢᠨ ᠠᠷᠭ᠎ᠠ ᠶᠢ ᠰᠦᠪᠡᠭᠴᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠣᠯᠭᠤᠮᠵᠢ ᠬᠦᠷᠳᠡᠭᠡᠮᠵᠢ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠬᠥᠭᠵᠢᠯᠲᠡ ᠶᠢᠨ ᠵᠠᠮ ᠢ ᠰᠢᠯᠤᠭᠤᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠳᠡᠷᠡᠮᠵᠢ ᠪᠣᠯᠤᠨ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ ᠬᠡᠵᠤ ᠱᠠᠭᠠᠷᠳᠠᠪᠠ᠃      ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠤᠤ ᠵᠢᠶᠧ ᠬᠤᠷᠠᠯ ᠢ ᠡᠷᠬᠢᠯᠡᠪᠡ᠃ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠱᠠᠨᠳᠦ᠋ᠩ᠂ ᠵᠢᠶᠠᠩᠰᠦ᠂ ᠵᠢᠶᠠᠩᠰᠢ᠂ ᠭᠠᠨᠰᠦ᠂ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ᠂ ᠵᠦᠩ ᠴᠧ ᠪᠦᠯᠦᠭᠯᠡᠯ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠡᠭᠡᠷ᠎ᠡ ᠦᠭᠡ ᠬᠡᠯᠡᠪᠡ᠃ ᠡᠯ᠎ᠡ ᠮᠤᠵᠢ ᠣᠷᠣᠨ ᠬᠤᠲᠠ ᠪᠣᠯᠤᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠡᠰᠡᠭ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号