︽ᠦᠨᠡᠨ︾ ᠰᠡᠳᠬᠦᠯ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ᠢ ᠨᠡᠶᠢᠳᠡᠯᠡᠪᠡ ︽ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠬᠰᠠᠨ 95 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾
ᠨᠡᠶᠢᠲᠡᠯᠡᠭᠰᠡᠨ ᠴᠠᠭ᠄
2021/4/19
     ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ  4 ᠰᠠᠷ᠎ᠠ ᠶᠢᠨ 16 ᠤ ᠡᠳᠦᠷ ᠭᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠬᠰᠠᠨ 95 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠳᠡᠯᠡᠪᠡ᠃      ᠵᠤᠬᠢᠶᠠᠯ ᠳᠤ᠂ ᠳᠤᠮᠳᠠᠳᠤ ᠤᠯᠤᠰ ᠲᠤ ᠡᠪ ᠬᠠᠮᠲᠤ ᠨᠠᠮ ᠪᠠᠶᠢᠭᠤᠯᠤᠭᠳᠠᠭᠰᠠᠨ ᠪᠤᠯ ᠲᠡᠭᠷᠢ ᠭᠠᠵᠠᠷ ᠢ ᠲᠤᠩᠰᠤᠯᠭᠠᠭᠰᠠᠨ ᠶᠡᠭᠡ ᠬᠡᠷᠡᠭ ᠬᠤᠪᠢᠰᠤᠯ ᠪᠤᠯᠤᠨ᠎ᠠ᠃ ᠡᠨᠡ ᠬᠦ ᠲᠡᠭᠷᠢ ᠭᠠᠵᠠᠷ ᠢ ᠲᠤᠩᠰᠤᠯᠭᠠᠭᠰᠠᠨ ᠶᠡᠭᠡ ᠬᠡᠷᠡᠭ ᠬᠤᠪᠢᠰᠤᠯ ᠨᠢ ᠤᠷᠴᠢᠨ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠦᠭᠵᠢᠯᠲᠡ ᠶᠢᠨ ᠴᠢᠭᠯᠡᠯ ᠪᠠ ᠠᠬᠢᠴᠠ ᠶᠢ ᠬᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠤᠯᠤᠨ ᠬᠤᠪᠢ ᠵᠠᠶᠠᠭ᠎ᠠ ᠶᠢ ᠬᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠦᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠬᠦᠨᠵᠡᠭᠡᠢ ᠬᠤᠪᠢᠷᠠᠭᠤᠯᠪᠠ᠃ ᠪᠢᠳᠠ ᠨᠠᠮ ᠪᠠᠶᠢᠭᠤᠯᠤᠭᠳᠠᠬᠤ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ ᠲᠡᠮᠡᠴᠡᠯ ᠤᠨ ᠵᠤᠷᠢᠭ ᠰᠠᠨᠠᠭ᠎ᠠ ᠶᠢ ᠡᠬᠦᠷᠢᠳᠠ ᠪᠠᠳᠤᠯᠠᠵᠦ᠂ ᠠᠷᠠᠳ ᠲᠦᠮᠡᠨ ᠤ ᠲᠦᠯᠦᠭᠡ ᠭᠡᠬᠦ ᠴᠢᠩ ᠦᠨᠡᠨᠴᠢ ᠰᠡᠳᠬᠢᠯ ᠢᠶᠠᠨ ᠡᠬᠦᠷᠢᠳᠠ ᠪᠠᠳᠤᠯᠬᠠᠤ ᠭᠡᠷᠡᠭᠲᠡᠢ ᠭᠡᠵᠦ ᠴᠢᠬᠤᠯᠠᠴᠢᠯᠠᠪᠠ᠃      ᠵᠤᠬᠢᠶᠠᠯ ᠳᠤ᠂ ᠰᠦᠷ ᠳᠠᠯᠠᠶᠢᠴᠠᠲᠠᠢ ᠲᠡᠤᠬᠡᠨ ᠶᠠᠪᠤᠴᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠤ ᠪᠠᠳᠤ ᠲᠦᠰᠢᠭᠯᠡᠨ ᠠᠯᠢ ᠤᠯᠠᠨ ᠬᠦᠴᠢᠷ ᠪᠡᠷᠭᠡᠰᠢᠶᠡᠯ ᠢ ᠢᠯᠡᠨ ᠳᠠᠪᠠᠵᠤ᠂ ᠠᠯᠢ ᠤᠯᠠᠨ ᠢᠯᠠᠯᠲᠠ ᠶᠢ ᠤᠯᠵᠤ᠂ ᠳᠤᠮᠳᠠᠳᠤ ᠶᠢᠨ ᠦᠨᠳᠦᠰᠦᠲᠡᠨ ᠳᠤ ᠠᠭᠤᠤ ᠶᠡᠭᠡ ᠲᠡᠤᠬᠡᠳᠦ ᠬᠤᠪᠢ ᠨᠡᠮᠡᠷᠢ ᠦᠵᠡᠭᠦᠯᠤᠨ᠂ ᠳᠤᠮᠳᠠᠳᠤ ᠶᠢᠨ ᠦᠨᠳᠦᠰᠦᠳᠡᠨ ᠳᠠᠰᠤᠷᠠᠯᠳᠠ ᠦᠭᠡᠢ ᠲᠤᠷᠦ᠋ᠢᠳᠠᠨ ᠪᠠᠭᠤᠷᠠᠵᠦ ᠪᠠᠶᠢᠬᠰᠠᠨ ᠠᠴᠠ ᠬᠤᠪᠢ ᠵᠠᠶᠠᠭ᠎ᠠ ᠪᠠᠨ ᠦᠨᠳᠦᠰᠦ ᠠᠴᠠ ᠨᠢ ᠬᠤᠪᠢᠷᠠᠭᠤᠯᠵᠦ᠂ ᠬᠦᠭᠵᠢᠯ ᠴᠡᠴᠡᠭᠯᠡᠯ ᠪᠠᠶᠠᠵᠢᠯ ᠴᠢᠨᠡᠭᠡᠯᠢᠭᠵᠢᠯ ᠲᠡᠶᠢᠰᠢ ᠦᠷᠬᠦᠯᠵᠢᠯᠡᠨ ᠤᠷᠤᠬᠰᠢᠯᠠᠬᠰᠠᠨ ᠠᠭᠤᠤ ᠶᠡᠭᠡ ᠦᠰᠦᠷᠦᠯᠳᠠ ᠶᠢ ᠪᠡᠶᠡᠯᠡᠬᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠪᠤᠰᠴᠦ ᠵᠤᠬᠰᠤᠭᠰᠠᠨ ᠠᠴᠠ ᠪᠠᠶᠠᠵᠢᠬᠰᠠᠨ᠂ ᠬᠦᠴᠦᠷᠭᠡᠭᠵᠢᠭᠰᠡᠨ ᠬᠦᠷᠳᠡᠯᠡᠬᠢ ᠠᠭᠤᠤ ᠶᠡᠭᠡ ᠦᠰᠦᠷᠦᠯᠳᠠ ᠶᠢ ᠪᠡᠶᠡᠯᠡᠬᠦᠯᠵᠡᠢ᠃ ᠲᠡᠤᠬᠡ ᠪᠤᠯᠤᠨ ᠠᠷᠠᠳ ᠲᠦᠮᠡᠨ ᠳᠤᠮᠳᠠᠳᠦ ᠤᠯᠤᠰ ᠤᠨ ᠡᠪ ᠬᠠᠮᠲᠦ ᠨᠠᠮ ᠢᠶᠠᠷ ᠳᠤᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠢᠯᠡᠰ ᠢ ᠤᠳᠤᠷᠢᠳᠤᠭᠤᠯᠤᠭᠰᠠᠨ ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠠᠢ᠂ ᠡᠭᠦᠷᠢᠳᠡ ᠭᠤᠶᠢᠪᠢᠯᠵᠠᠵᠦ ᠪᠤᠯᠬᠤ ᠦᠭᠡᠢ︔ ᠳᠤᠮᠳᠠᠳᠦ ᠤᠯᠤᠰ ᠤᠨ ᠡᠪ ᠬᠠᠮᠲᠦ ᠨᠠᠮ ᠳᠤᠮᠳᠠᠳᠦ ᠤᠯᠤᠰ ᠤᠨ ᠠᠷᠠᠳ ᠲᠦᠮᠡᠨ ᠢ ᠤᠳᠤᠷᠢᠳᠤᠨ ᠨᠡᠭᠡᠭᠡᠭᠰᠡᠨ ᠳᠤᠮᠳᠠᠳᠦ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠵᠠᠮ ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ ᠭᠤᠶᠢᠪᠢᠯᠵᠠᠵᠦ ᠪᠤᠯᠬᠤ ᠦᠭᠡᠢ︔ ᠳᠤᠮᠳᠠᠳᠦ ᠤᠯᠤᠰ ᠤᠨ ᠡᠪ ᠬᠠᠮᠲᠦ ᠨᠠᠮ ᠪᠤᠯᠤᠨ ᠳᠤᠮᠳᠠᠳᠦ ᠤᠯᠤᠰ ᠤᠨ ᠠᠷᠠᠳ ᠲᠦᠮᠡᠨ ᠳᠤᠮᠳᠠᠳᠦ ᠤᠯᠤᠰ ᠤᠨ ᠡᠬᠡ ᠭᠠᠵᠠᠷ ᠲᠤ ᠦᠨᠳᠦᠰᠦᠯᠡᠵᠦ᠂ ᠬᠦᠮᠦᠨ ᠲᠦᠷᠦᠯᠬᠢᠲᠡᠨ ᠤ ᠪᠤᠯᠪᠠᠰᠤᠨ ᠰᠤᠶᠤᠯ ᠤᠨ ᠰᠢᠯᠢᠳᠡᠭ ᠦᠷ᠎ᠡ ᠪᠦᠲᠦᠭᠡᠯ ᠢ ᠰᠢᠩᠭᠡᠭᠡᠨ ᠠᠪᠴᠤ᠂ ᠪᠡᠶ᠎ᠡ ᠪᠠᠨ ᠲᠠᠭᠠᠭᠠᠨ ᠡᠵᠡᠨ ᠮᠡᠳᠡᠵᠤ ᠤᠯᠤᠰ ᠢᠶᠠᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ ᠭᠤᠶᠢᠪᠢᠯᠵᠠᠵᠦ ᠪᠣᠯᠬᠤ ᠦᠭᠡᠢ ᠭᠡᠵᠦ ᠵᠢᠭᠠᠵᠦ ᠭᠠᠷᠭᠠᠪᠠ᠃      ᠵᠤᠬᠢᠶᠠᠯ ᠳᠤ᠂ ᠡᠳᠦᠭᠡ᠂ ᠪᠢᠳᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠭᠦᠯᠬᠦ ᠬᠠᠷᠠᠯᠳᠠ ᠳᠤ ᠲᠡᠦᠭᠡ ᠶᠢᠨ ᠠᠯᠢ ᠴᠦ ᠦᠶ᠎ᠡ ᠠᠴᠠ ᠢᠯᠡᠬᠦᠦ ᠤᠢᠢᠷᠠᠳᠴᠦ᠂ ᠡᠨᠡ ᠬᠦ ᠬᠠᠷᠠᠯᠳᠠ ᠪᠠᠨ ᠪᠡᠶᠡᠯᠡᠬᠦᠯᠬᠦ ᠳᠤ ᠲᠡᠦᠭᠡ ᠶᠢᠨ ᠠᠯᠢ ᠴᠦ ᠦᠶ᠎ᠠ ᠠᠴᠠ ᠢᠯᠡᠭᠦᠦ ᠢᠳᠡᠭᠡᠯ ᠲᠠᠢ᠂ ᠴᠢᠳᠠᠪᠤᠷᠢ ᠲᠠᠢ ᠪᠤᠯᠵᠠᠢ᠃ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠵᠠᠪᠠᠯ ᠳᠡᠷᠭᠡᠯᠰᠢᠬᠦᠯᠦᠨ᠎ᠠ᠂ ᠯᠠᠪᠳᠠᠢ ᠳᠡᠷᠭᠡᠯᠰᠢᠬᠦᠯᠵᠦ ᠴᠢᠳᠠᠨ᠎ᠠ ᠭᠡᠵᠦ ᠪᠢᠳᠡ ᠢᠳᠡᠭᠡᠯ ᠲᠡᠬᠦᠯᠳᠡᠷ ᠭᠡᠯᠡᠵᠦ ᠴᠢᠳᠠᠬᠤ ᠪᠤᠯᠵᠠᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号