︽ᠵᠢᠵᠢᠭ ᠬᠠᠰᠢᠶ᠎ᠠ︾ ᠪᠠᠶᠠᠵᠢᠯ ᠤᠨ ︽ᠲᠤᠷᠰᠢᠯᠲᠠ ᠶᠢᠨ ᠲᠠᠷᠢᠶ᠎ᠠ︾ ᠪᠤᠯᠤᠯ᠎ᠠ
ᠨᠡᠶᠢᠲᠡᠯᠡᠭᠰᠡᠨ ᠴᠠᠭ᠄
2021/4/20
     4 ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ ᠬᠢᠩᠭᠠᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠪᠦᠳᠦᠬᠦᠨᠬᠤᠧᠨ ᠮᠠᠯᠵᠢᠯ ᠤᠨ ᠲᠠᠯᠠᠪᠠᠶ ᠶᠢᠨ ᠨᠢᠭᠡᠳᠦᠭᠡᠷ ᠪᠠᠷᠢᠭᠠᠳᠠ ᠶᠢᠨ ᠴᠢᠨ᠋ᠸ᠎ᠠ ᠶᠢᠨ ᠬᠠᠯᠳᠠᠷ ᠭᠡᠬᠦ ᠡᠪᠡᠰᠦᠨ ᠡᠮ ᠲᠠᠷᠢᠭᠰᠠᠨ ᠲᠠᠷᠢᠶᠠᠴᠢᠨ ᠪᠠᠶ ᠴᠢᠩ ᠯᠦᠩ ᠤᠨ ᠬᠢᠨ ᠳᠤ ᠬᠦᠷᠬᠦ ᠳᠤ ᠲᠡᠷᠡ ᠴᠢᠨ᠋ᠸ᠎ᠠ ᠶᠢᠨ ᠬᠠᠯᠳᠠᠷ ᠢᠶᠠᠨ ᠤᠭᠤᠲᠠᠯᠠᠭᠠᠳ ᠶᠠᠭᠠᠷᠠᠵᠥ ᠪᠠᠶᠢᠯ᠎ᠠ᠃      ᠲᠡᠷᠠ ︽ᠡᠯᠪᠡᠭ ᠬᠤᠷᠢᠶᠠᠯᠲᠠ ᠶᠢᠨ ᠦᠷ᠎ᠡ ᠵᠢᠮᠢᠰ︾ ᠢᠶᠠᠨ ᠬᠠᠷᠠᠭᠠᠳ ᠠᠮᠠ ᠬᠠᠮᠬᠢᠯ ᠥᠬᠡᠶ ᠪᠠᠶᠠᠷᠯᠠᠨ᠄ ︽ᠦᠡᠭᠬᠡᠷᠡᠭᠰᠡᠨ ᠳᠤ ᠬᠠᠰᠢᠶᠠᠨ ᠳᠠᠭᠠᠨ ᠡᠷᠳᠡᠨᠢ ᠰᠢᠰᠢ ᠳᠠᠷᠢᠳᠠᠭ ᠪᠠᠶᠢᠭᠰᠠᠠ ᠴᠦ ᠦᠷ᠎ᠡ ᠠᠰᠢᠭ ᠲᠡᠶᠢᠮᠦ ᠰᠠᠶᠢᠨ ᠪᠢᠰᠢ᠂ ᠡᠮ ᠤᠨ ᠮᠠᠲ᠋ᠧᠷᠢᠶᠠᠯ ᠳᠠᠷᠢᠪᠠᠯ ᠦᠷ᠎ᠡ ᠠᠰᠢᠭ ᠨᠢ ᠰᠠᠶᠢᠨ ᠬᠡᠵᠥ ᠰᠤᠨᠤᠰᠤᠭᠠᠳ ᠴᠢᠨ᠋ᠸ᠎ᠠ ᠶᠢᠨ ᠬᠠᠯᠳᠠᠷ ᠲᠠᠷᠢᠬᠤ ᠮᠡᠷᠭᠡᠵᠢᠯ ᠰᠤᠷᠤᠯᠴᠠᠵᠤ᠂ 2018 ᠣᠨ ᠳᠤ ᠬᠠᠰᠢᠶᠠᠠ ᠳᠠᠭᠠᠨ 4 ᠮᠥ ᠲᠠᠷᠢᠵᠠᠢ᠃ ᠡᠨᠡ ᠬᠠᠪᠤᠷ᠂ 3 ᠵᠢᠯ ᠤᠨ ᠪᠤᠶᠢᠵᠢᠭᠤᠯᠤᠯᠲᠠ ᠪᠠᠷ ᠨᠢᠭᠡᠨᠲᠡ ᠬᠤᠷᠢᠶᠠᠯᠲᠠ ᠶᠢᠨ ᠬᠤᠭᠤᠴᠠᠭᠠᠨ ᠳᠤ ᠣᠷᠣᠵᠤ ᠴᠢᠨ᠋ᠸ᠎ᠠ ᠶᠢᠨ ᠬᠠᠯᠳᠠᠷ ᠤᠨ ᠦᠷ᠎ᠡ 65 ᠺᠢᠯᠣᠭ᠍ᠷᠠᠮ ᠬᠤᠷᠢᠶᠠᠭᠠᠳ ᠺᠢᠯᠣᠭ᠍ᠷᠠᠮ ᠪᠦᠷᠢ ᠳᠡᠭᠡᠨ 230 ᠲᠥᠭᠦᠷᠢᠭ ᠲᠤ ᠬᠦᠷᠴᠤ᠂ ᠴᠢᠨ᠋ᠸ᠎ᠠ ᠶᠢᠨ ᠬᠠᠯᠳᠠᠷ ᠤᠨ ᠦᠨᠳᠦᠰᠦ ᠺᠢᠯᠣᠭ᠍ᠷᠠᠮ ᠪᠦᠷᠢ ᠳᠡᠭᠡᠨ 20 ᠲᠥᠭᠦᠷᠢᠭ᠂ ᠮᠥ ᠨᠢᠬᠡᠴᠢ ᠶᠢᠨ ᠤᠨᠠᠯᠲᠠ 2500 ᠵᠢᠩ ᠬᠦᠷᠴᠦ᠂ ᠴᠢᠨ᠋ᠸ᠎ᠠ ᠶᠢᠨ ᠬᠠᠯᠳᠠᠷ ᠤᠨ ᠦᠷ᠎ᠡ ᠪᠠ ᠦᠨᠳᠦᠰᠦ ᠶᠢᠨ ᠴᠡᠪᠡᠷ ᠤᠷᠤᠯᠭ᠎ᠠ ᠵᠢᠱᠢᠯᠲᠡ ᠪᠠᠷ 11.5 ᠲᠦᠮᠡᠨ ᠲᠥᠭᠦᠷᠢᠭ ᠬᠦᠷᠤᠨ᠎ᠠ︾ ᠬᠡᠵᠥ ᠲᠡᠨᠢᠯᠴᠠᠭᠤᠯᠪᠠ᠃

     ᠪᠠᠷᠢᠭᠠᠳᠠ ᠳᠠᠭᠠᠨ ᠡᠮ ᠤᠨ ᠮᠠᠲ᠋ᠧᠷᠢᠶᠠᠯ ᠢ ᠠᠩᠬ᠎ᠠ ᠲᠤᠷᠰᠢᠵᠥ ᠲᠡᠷᠢᠬᠰᠠᠠ ᠬᠥᠮᠦᠨ ᠪᠣᠯᠤᠭᠰᠠᠨ ᠤ

ᠬᠤᠪᠢ ᠳᠤ᠂ ᠪᠠᠢ ᠴᠢᠩ ᠯᠦᠩ ᠠᠩᠬ᠎ᠠ ᠡᠬᠢᠯᠡᠬᠡᠳ ᠮᠠᠰᠢ ᠡᠷᠡᠬᠡᠯᠵᠡᠭᠡ ᠲᠠᠢ ᠪᠠᠶᠢᠬᠰᠠᠠ ᠪᠤᠯᠪᠠᠴᠤ 4 ᠮᠦ

ᠭᠠᠵᠠᠷ ᠠᠴᠠ 10 ᠭᠠᠷᠤᠢ ᠲᠦᠮᠡᠨ ᠲᠥᠭᠦᠷᠢᠭ ᠤᠨ ᠠᠰᠢᠭ ᠤᠯᠬᠤ ᠪᠤᠯᠤᠭᠰᠠᠠ ᠳᠠᠭᠠᠨ ᠶᠡᠬᠡᠳᠡ ᠪᠠᠶᠠᠷᠯᠠᠵᠤ

ᠡᠮ ᠤᠨ ᠮᠠᠲ᠋ᠧᠷᠢᠶᠠᠯ ᠲᠠᠷᠢᠬᠤ ᠢᠲᠡᠭᠡᠯ ᠵᠣᠷᠢᠭ ᠨᠢ ᠤᠯᠠᠮ ᠪᠠᠲᠤᠵᠢᠪᠠ᠃ ᠲᠠᠯᠠᠪᠠᠢ ᠪᠠᠷᠢᠭᠠᠳᠠ ᠶᠢᠨ

ᠤᠳᠤᠷᠢᠳᠤᠯᠭ᠎ᠠ ᠨᠢ ᠲᠡᠭᠦᠨ ᠤ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠤᠬᠠᠮᠰᠠᠷ ᠴᠢᠩᠭ᠎ᠠ ᠪᠠᠶᠢᠬᠤ ᠶᠢ

ᠦᠵᠡᠭᠡᠳ ᠲᠡᠭᠦᠨ ᠢ ᠬᠠᠪᠰᠤᠷᠤᠨ ᠠᠷᠭ᠎ᠠ ᠪᠣᠳᠣᠵᠤ᠂ ᠣᠯᠠᠨ ᠤᠳᠠᠭ᠎ᠠ ᠭᠡᠷ ᠲᠤ ᠨᠢ ᠬᠦᠷᠴᠦ ᠲᠤᠬᠠᠶ ᠶᠢᠨ

ᠲᠠᠯᠠᠪᠠᠢ ᠶᠢᠨ ᠵᠢᠯᠣᠭᠤᠳᠤᠯᠭ᠎ᠠ ᠬᠢᠪᠡ᠃ ᠣᠶᠢᠷ᠎ᠠ ᠶᠢᠨ ᠵᠢᠯ ᠳᠤ ᠲᠤᠰ ᠮᠠᠯᠵᠢᠯ ᠤᠨ ᠲᠠᠯᠠᠪᠠᠶ ᠬᠦᠷᠢᠶ᠎ᠡ ᠬᠠᠰᠢᠶᠠᠨ ᠤ

ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠠᠵᠢᠯᠲᠠᠨ ᠠᠵᠢᠯᠴᠢᠳ ᠢᠶᠠᠨ ᠬᠥᠲᠥᠯᠥᠨ ᠵᠢᠯᠣᠭᠤᠳᠴᠤ ᠡᠪᠡᠰᠦᠨ ᠡᠮ

ᠪᠠ ᠵᠢᠮᠢᠰ ᠤᠨ ᠮᠣᠳᠣ ᠵᠡᠷᠭᠡ ᠠᠵᠤ ᠠᠬᠤᠶ ᠶᠢᠨ ᠲᠠᠷᠢᠮᠠᠯ ᠳᠠᠷᠢᠭᠤᠯᠵᠤ᠂ ᠨᠤᠳᠤᠭ ᠤᠨ ᠲᠠᠬᠢᠶ᠎ᠠ᠂ ᠲᠣᠮᠣ ᠴᠠᠭᠠᠨ

ᠭᠠᠯᠠᠭᠤ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠡᠵᠡᠩᠨᠡᠬᠦᠯᠵᠥ᠂ ︽ᠵᠢᠵᠢᠭ ᠬᠠᠰᠢᠶ᠎ᠠ︾ ᠶᠢ

ᠪᠠᠶᠠᠵᠢᠯ ᠤᠨ ︽ᠲᠤᠷᠰᠢᠯᠲᠠ ᠶᠢᠨ ᠲᠠᠷᠢᠶ᠎ᠠ︾ ᠪᠣᠯᠭᠠᠵᠤ᠂ ᠠᠵᠢᠯᠲᠠᠨ ᠠᠵᠢᠯᠴᠢᠳ ᠢᠶᠠᠨ ᠬᠠᠪᠰᠤᠷᠤᠨ ᠪᠠᠶᠠᠵᠢᠯ ᠤᠨ

ᠠᠷᠭ᠎ᠠ ᠵᠠᠮ ᠢ ᠨᠢ ᠥᠷᠭᠡᠳᠬᠡᠵᠦ ᠡᠭᠦᠳᠡᠨ ᠳᠡᠭᠡᠨ ᠪᠠᠶᠠᠵᠢᠨ ᠴᠢᠨᠡᠭᠡᠯᠢᠭᠵᠢᠬᠦ ᠰᠢᠨ᠎ᠡ ᠵᠠᠭᠪᠤᠷ ᠢ ᠡᠭᠦᠳᠪᠡ᠃

   

 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号