ᠠᠨᠵᠢᠰᠣ ᠪᠤᠰᠬᠠᠬᠤ
ᠨᠡᠶᠢᠲᠡᠯᠡᠭᠰᠡᠨ ᠴᠠᠭ᠄
2021/4/21
     ᠲᠠᠷᠢᠶᠠᠯᠠᠬᠤ ᠦᠢᠯᠡᠳᠪᠦᠷᠢᠯᠡᠯ ᠢ ᠡᠷᠬᠢᠯᠡᠬᠦ ᠳᠤ ᠭᠠᠵᠠᠷ ᠲᠠᠷᠢᠶ᠎ᠠ᠂ ᠬᠦᠳᠡᠯᠮᠦᠷᠢ ᠬᠦᠴᠦ ᠪᠠ ᠲᠠᠷᠢᠶᠠᠨ ᠦᠷ᠎ᠡ᠂ ᠬᠦᠯᠦᠰᠢᠨ ᠤᠨᠤᠭ᠎ᠠ᠂ ᠠᠨᠵᠢᠰᠤ ᠬᠡᠷᠡᠭᠰᠡᠯ ᠮᠡᠲᠦ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠵᠡᠷᠭᠡ ᠪᠣᠯ ᠳᠤᠲᠠᠭᠳᠠᠵᠤ ᠪᠤᠯᠤᠰᠢ ᠦᠭᠡᠢ ᠦᠨᠳᠦᠰᠦᠨ ᠵᠦᠢᠯ ᠮᠦᠨ᠃ ᠡᠶᠢᠮᠦ ᠠᠴᠠ ᠲᠠᠷᠢᠶ᠎ᠠ ᠲᠠᠷᠢᠵᠣ᠂ ᠠᠷᠠᠴᠢᠯᠠᠨ ᠳᠤᠲᠤᠮᠳᠠᠬᠤ ᠳᠤ ᠬᠦᠳᠡᠯᠮᠦᠷᠢ ᠬᠦᠴᠦ᠂ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠢᠶᠠᠨ ᠲᠤᠬᠢᠷᠠᠭᠤᠯᠵᠤ᠂ ᠭᠠᠵᠠᠷ ᠲᠠᠷᠢᠶ᠎ᠠ ᠪᠠᠨ ᠡᠵᠡᠩᠨᠡᠬᠦ ᠪᠣᠯ ᠲᠠᠷᠢᠶᠠᠯᠠᠩ ᠦᠢᠯᠡᠳᠪᠦᠷᠢᠯᠡᠯ ᠤᠨ ᠨᠢᠭᠡᠨ ᠪᠦᠬᠦᠯᠢ ᠴᠤᠭᠴᠠᠲᠤ ᠠᠵᠢᠯᠯᠠᠭ᠎ᠠ ᠪᠤᠯᠤᠨ᠎ᠠ᠃ ᠲᠠᠷᠢᠶᠠᠯᠠᠬᠤ ᠠᠵᠢᠯᠯᠠᠭᠠᠨ ᠤ ᠶᠠᠪᠤᠴᠠ ᠳᠤ᠂ ᠭᠠᠵᠠᠷ ᠲᠠᠷᠢᠶ᠎ᠠ᠂ ᠬᠦᠳᠡᠯᠮᠦᠷᠢ ᠬᠦᠴᠦ᠂ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠢᠶᠠᠨ ᠵᠤᠬᠢᠴᠠᠭᠤᠯᠵᠤ᠂ ᠲᠠᠷᠢᠵᠤ᠂ ᠠᠷᠠᠴᠢᠯᠠᠵᠤ᠂ ᠬᠠᠳᠣᠵᠣ ᠬᠤᠷᠢᠶᠠᠬᠤ᠂ ᠬᠤᠪᠢᠶᠠᠷᠢᠯᠠᠬᠤ ᠪᠦᠬᠦᠶᠢᠯᠡ ᠠᠵᠢᠯᠯᠠᠭ᠎ᠠ ᠶᠢ ᠠᠨᠵᠢᠰᠤ ᠪᠤᠰᠬᠠᠬᠤ ᠭᠡᠳᠡᠭ᠃ ᠡᠭᠦᠨ ᠳᠤ᠂ ᠭᠠᠵᠠᠷ ᠲᠠᠷᠢᠶᠠᠨ ᠤ ᠶᠡᠭᠡ ᠪᠠᠭ᠎ᠠ᠂ ᠬᠦᠳᠡᠯᠮᠦᠷᠢ ᠬᠦᠴᠦᠨ ᠤ ᠤᠯᠠᠨ ᠴᠦᠬᠡᠨ᠂ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠤᠨ ᠭᠦᠢᠴᠡᠳ ᠳᠤᠲᠠᠮᠠᠭ ᠤᠨ ᠠᠳᠠᠯᠢ ᠪᠤᠰᠤ ᠪᠠᠶᠢᠳᠠᠯ ᠠᠴᠠ ᠪᠣᠯᠵᠣ᠂ ᠭᠠᠵᠠᠷ ᠲᠠᠷᠢᠶ᠎ᠠ᠂ ᠬᠦᠳᠡᠯᠮᠦᠷᠢ ᠬᠦᠴᠦ᠂ ᠦᠢᠯᠡᠳᠪᠦᠷᠢᠯᠡᠯ ᠤᠨ ᠪᠠᠭᠠᠵᠢ ᠬᠡᠷᠡᠭᠰᠡᠯ ᠤᠨ ᠵᠣᠬᠢᠴᠠᠭᠤᠯᠭ᠎ᠠ ᠪᠣᠯᠣᠨ ᠲᠠᠷᠢᠵᠤ ᠠᠷᠠᠴᠢᠯᠠᠬᠤ᠂ ᠬᠤᠷᠢᠶᠠᠵᠤ ᠬᠤᠪᠢᠶᠠᠬᠤ ᠪᠠᠶᠢᠳᠠᠯ ᠠᠳᠠᠯᠢ ᠦᠭᠡᠢ ᠪᠣᠯᠬᠤᠷ᠂ ᠶᠠᠩᠵᠤ ᠪᠦᠷᠢ ᠶᠢᠨ ᠠᠨᠵᠢᠰᠤ ᠪᠤᠰᠬᠠᠬᠤ ᠬᠡᠯᠪᠡᠷᠢ ᠪᠤᠢ ᠪᠣᠯᠣᠭᠰᠠᠨ ᠪᠠᠶᠢᠳᠠᠭ᠃ ᠮᠣᠩᠭᠤᠯ ᠤᠷᠤᠨ ᠤ ᠲᠠᠷᠢᠶᠠᠯᠠᠩ ᠤᠨ ᠶᠡᠷᠦᠩᠬᠡᠢ ᠪᠠᠶᠢᠳᠠᠯ ᠠᠴᠠ ᠦᠵᠡᠪᠡᠯ᠂ ᠠᠮᠢ ᠠᠨᠵᠢᠰᠤ ᠪᠤᠰᠬᠠᠬᠤ᠂ ᠬᠤᠷᠰᠢᠶ᠎ᠠ ᠠᠨᠵᠢᠰᠤ ᠪᠤᠰᠬᠠᠬᠤ᠂ ᠲᠦᠷᠢᠶᠡᠰᠦᠯᠡᠵᠦ ᠠᠨᠵᠢᠰᠤ ᠪᠤᠰᠬᠠᠬᠤ᠂ ᠬᠦᠴᠦ ᠬᠦᠯᠦᠰᠯᠡᠵᠦ ᠠᠨᠵᠢᠰᠣ ᠪᠤᠰᠬᠠᠬᠤ ᠭᠡᠬᠦ ᠮᠡᠲᠦ ᠬᠡᠳᠦᠨ ᠵᠦᠢᠯ ᠢᠶᠠᠷ ᠬᠤᠪᠢᠶᠠᠷᠢᠯᠠᠨ ᠦᠵᠡᠵᠦ ᠪᠣᠯᠣᠨ᠎ᠠ᠃       ︵ᠵᠠᠭᠠᠷ︶      ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠣᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号