ᠲᠦᠮᠡᠳ ᠵᠡᠭᠦᠨ ᠬᠤᠰᠢᠭᠤ ᠡᠨᠡ ᠵᠢᠯ 17 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/4/22
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠯᠡᠨ ᠠᠬᠢᠭᠤᠯᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠬᠦ ᠶᠢᠨ ᠲᠥᠯᠥᠭᠡ᠂ ᠲᠦᠮᠡᠳ ᠵᠡᠭᠦᠨ ᠬᠤᠰᠢᠭᠤ ᠣᠶᠢᠷ᠎ᠠ ᠳᠤ 2021 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠥᠪᠯᠡᠷᠡᠭᠦᠯᠦᠨ ᠠᠵᠢᠯ ᠡᠬᠢᠯᠡᠭᠦᠯᠪᠡ᠃      ᠡᠨᠡ ᠵᠢᠯ ᠲᠦᠮᠡᠳ ᠵᠡᠭᠦᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ 17 ᠲᠦᠮᠡᠨ ᠮᠥ ᠬᠡᠷᠡᠭᠵᠢᠭᠦᠯᠵᠦ᠂ 4 ᠰᠢᠶᠠᠩ ᠪᠠᠯᠭᠠᠰᠤ᠂ 30 ᠲᠣᠰᠬᠤᠨ ᠳᠤ ᠬᠤᠯᠪᠣᠭᠳᠠᠨ᠎ᠠ᠃ ᠣᠳᠣᠬᠠᠨ ᠳᠤ ᠲᠥᠷᠥᠯ ᠵᠦᠢᠯ ᠤᠨ ᠲᠥᠰᠦᠯ ᠢ ᠵᠢᠷᠤᠵᠤ ᠲᠥᠯᠥᠪᠯᠡᠬᠦ ᠱᠠᠲᠤᠨ ᠳᠤ ᠣᠷᠣᠵᠤ᠂ ᠵᠢᠷᠤᠭ ᠲᠥᠯᠥᠪᠯᠡᠭᠡ ᠶᠢᠨ ᠬᠢᠨᠠᠨ ᠲᠣᠭᠲᠠᠭᠠᠯᠲᠠ ᠬᠢᠵᠦ ᠪᠤᠢ᠃      ᠲᠦᠮᠡᠳ ᠵᠡᠭᠦᠨ ᠬᠤᠰᠢᠭᠤᠨ ᠤ 17 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠲᠥᠷᠥᠯ ᠵᠦᠶ᠋ᠯ ᠢᠶᠠᠷ ᠤᠳᠤᠷᠢᠳᠤᠮᠵᠢ ᠪᠣᠯᠭᠠᠬᠤ᠂ ᠨᠢᠭᠡᠳᠦᠯᠲᠡᠶ ᠲᠥᠯᠥᠪᠵᠢᠭᠦᠯᠬᠦ ᠵᠠᠷᠴᠢᠮ ᠢ ᠪᠠᠷᠢᠮᠲᠠᠯᠠᠵᠤ᠂ ᠥᠨᠳᠥᠷ ᠪᠠᠷᠢᠮᠵᠢᠶᠠᠳᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠭᠦᠢᠴᠡᠳ ᠠᠰᠢᠠᠠᠯᠠᠨ᠂ ︽ᠲᠠᠷᠢᠶᠠᠨ ᠭᠠᠵᠠᠷ ᠲᠤ ᠤᠰᠤ ᠠᠷᠪᠢᠯᠠᠬᠤ᠂ ᠤᠰᠤ ᠶᠢ ᠰᠠᠭᠠᠳ ᠥᠬᠡᠶ ᠨᠡᠪᠲᠡᠷᠡᠭᠦᠯᠬᠦ᠂ ᠵᠠᠮ ᠢ ᠬᠤᠯᠪᠣᠵᠤ ᠨᠡᠪᠲᠡᠷᠡᠭᠦᠯᠬᠦ᠂ ᠣᠶ ᠰᠢᠭᠤᠶ ᠶᠢ ᠲᠤᠤᠷᠵᠢᠭᠤᠯᠬᠤ᠂ ᠦᠵᠡᠮᠵᠢ ᠶᠢ ᠬᠠᠷᠢᠯᠴᠠᠨ ᠵᠣᠬᠢᠴᠠᠭᠤᠯᠬᠤ᠂ ᠴᠠᠬᠢᠯᠭᠠᠨ ᠢ ᠢᠵᠢ ᠪᠦᠷᠢᠳᠦᠭᠦᠯᠬᠦ᠂ ᠮᠡᠷᠭᠡᠵᠢᠯ ᠢ ᠭᠦᠨᠵᠡᠭᠡᠶᠢᠷᠡᠭᠦᠯᠬᠦ︾ ᠨᠢᠭᠡᠳᠦᠯᠲᠡᠶ ᠲᠥᠯᠥᠪᠵᠢᠭᠦᠯᠭᠡ ᠶᠢᠨ ᠠᠯᠤᠰ ᠤᠨ ᠲᠥᠰᠦᠪ ᠢ ᠪᠡᠶᠡᠯᠡᠭᠦᠯᠦᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠤᠰᠤᠨ ᠠᠰᠢᠠᠠᠯᠠᠯᠳᠠ ᠶᠢᠨ ᠠᠷᠭ᠎ᠠ ᠬᠡᠮᠵᠢᠶ᠎ᠡ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠲᠦᠢᠯᠪᠤᠷᠢᠲᠠᠶ ᠬᠤᠪᠢᠷᠠᠭᠤᠯᠤᠨ᠎ᠠ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠶ ᠠᠷᠪᠢᠳᠠᠢ ᠤᠰᠤᠯᠠᠯᠲᠠ ᠶᠢᠨ ᠬᠡᠯᠪᠡᠷᠢ ᠶᠢ ᠶᠡᠭᠡ ᠪᠠᠷ ᠳᠡᠯᠭᠡᠷᠡᠭᠦᠯᠦᠨ᠎ᠡ᠃ ᠪᠣᠬᠢᠷᠲᠤᠯ ᠥᠬᠡᠶ ᠤᠢᠢᠯᠠᠭᠠᠭᠳᠠᠬᠤᠨ ᠢ ᠪᠠᠷᠢᠮᠲᠠᠯᠠᠵᠤ᠂ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠠᠮᠢ ᠠᠬᠤᠶ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠢ ᠴᠢᠷᠮᠠᠶᠢᠨ ᠪᠠᠶᠢᠭᠤᠯᠤᠨ᠎ᠠ᠃ ᠵᠢᠷᠤᠭᠯᠠᠨ ᠲᠥᠯᠥᠪᠯᠡᠬᠦ ᠶᠠᠪᠤᠴᠠ ᠳᠤ ᠲᠤᠬᠠᠶ ᠶᠢᠨ ᠭᠠᠵᠠᠷ ᠤᠨ ᠣᠯᠠᠨ ᠲᠦᠮᠡᠨ ᠤ ᠰᠠᠨᠠᠯ ᠢ ᠭᠦᠢᠴᠡᠳ ᠰᠣᠨᠣᠰᠴᠤ᠂ ᠲᠠᠷᠢᠶᠠᠴᠢᠳ ᠤᠨ ᠦᠢᠯᠡᠳᠪᠦᠷᠢᠯᠡᠯ᠂ ᠲᠠᠷᠢᠶᠠᠯᠠᠬᠤ ᠳᠠᠳᠬᠠᠯ ᠢ ᠬᠦᠨᠳᠦᠳᠬᠡᠬᠦ ᠶᠢᠨ ᠬᠠᠮᠲᠤ ᠲᠤᠬᠠᠶ ᠶᠢᠨ ᠭᠠᠵᠠᠷ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号