ᠮᠠᠨ ᠤ ᠤᠷᠤᠨ 2023 ᠤᠨ ᠪᠤᠯᠳᠠᠯ᠎ᠠ ᠨᠡᠷ᠎ᠠ ᠠᠯᠳᠠᠷᠰᠢᠯ ᠲᠠᠢ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ 20 ᠠᠴᠠ ᠲᠡᠭᠡᠭᠰᠢ ᠴᠤᠭᠴᠠᠯᠠᠨ᠎ᠠ
ᠨᠡᠶᠢᠲᠡᠯᠡᠭᠰᠡᠨ ᠴᠠᠭ᠄
2021/4/25
     4 ᠰᠠᠷ᠎ᠠ ᠶᠢᠨ 23 ᠤ ᠡᠳᠦᠷ ᠬᠦᠬᠡᠬᠤᠳᠠ ᠳᠤ ᠬᠤᠷᠠᠯᠳᠤᠭᠰᠠᠨ ᠪᠦᠬᠦ ᠤᠷᠤᠨ ᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠢ ᠤᠬᠠᠭᠤᠯᠤᠨ ᠲᠤᠭᠤᠰᠢᠯᠠᠭᠤᠯᠬᠤ ᠪᠤᠯᠪᠠᠰᠤᠷᠠᠯ ᠤᠨ ᠠᠩᠭᠢ ᠠᠴᠠ ᠤᠢᠢᠯᠠᠭᠠᠭᠰᠠᠨ ᠢᠶᠠᠷ᠂ ᠮᠠᠨ ᠤ ᠤᠷᠤᠨ 2023 ᠤᠨ ᠪᠤᠯᠳᠠᠯ᠎ᠠ ᠤᠯᠤᠰ ᠤᠨ ᠲᠤᠳᠤᠭᠠᠳᠤ ᠭᠠᠳᠠᠭᠠᠳᠤ ᠳᠤ ᠨᠡᠯᠢᠶᠡᠳ ᠨᠡᠷ᠎ᠠ ᠠᠯᠳᠠᠷᠰᠢᠯ ᠲᠠᠢ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ 20 ᠠᠴᠠ ᠲᠡᠭᠡᠭᠰᠢ ᠴᠤᠭᠴᠠᠯᠠᠨ᠎ᠠ᠃      ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠵᠤ᠂ ᠲᠦᠷᠦᠯ ᠲᠡᠮᠳᠡᠭ ᠤᠨ ᠦᠷᠳᠡᠭ ᠢ ᠭᠦᠨᠵᠡᠭᠡᠢ ᠠᠭᠤᠳᠠᠯᠤᠨ᠂ ᠪᠤᠬᠢᠷᠳᠤᠯ ᠦᠭᠡᠢ ᠴᠢᠨᠠᠷ ᠰᠠᠶᠢᠳᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠬᠠᠩᠭᠠᠯᠭ᠎ᠠ ᠶᠢ ᠪᠠᠳᠤᠯᠠᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠵᠤ᠂ ᠮᠠᠨ ᠤ ᠤᠷᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠰᠦᠯ ︵2021 — 2023 ᠤᠨ︶ ᠢ ᠲᠤᠭᠳᠠᠭᠠᠵᠠᠢ᠃      ᠮᠠᠨ ᠤ ᠤᠷᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯᠳᠤ ᠲᠠᠸᠠᠷ ᠤᠨ ᠲᠡᠮᠳᠡᠭ ᠵᠡᠷᠭᠡ ᠵᠤᠬᠢᠬᠤ ᠨᠦᠯᠦᠭᠡᠯᠡᠬᠦ ᠬᠦᠴᠦᠨ ᠲᠠᠢ ᠬᠠᠮᠳᠤ ᠶᠢᠨ ᠲᠠᠸᠠᠷ ᠤᠨ ᠲᠡᠮᠳᠡᠭ᠂ ᠭᠡᠷᠡᠴᠢᠯᠡᠭᠰᠡᠨ ᠲᠠᠸᠡᠷ ᠤᠨ ᠲᠡᠮᠳᠡᠭ ᠢᠶᠠᠷ ᠭᠤᠤᠯ ᠪᠤᠯᠭᠠᠭᠰᠠᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠴᠤᠭᠴᠠᠯᠠᠨ᠎ᠠ᠃ ᠰᠦ ᠶᠢᠨ ᠦᠢᠯᠡᠰ᠂ ᠦᠭᠡᠷ ᠬᠤᠨᠢᠨ ᠮᠢᠬ᠎ᠠ᠂ ᠢᠮᠠᠭᠠᠨ ᠨᠤᠤᠯᠤᠭᠤᠷ᠂ ᠲᠦᠮᠦᠰᠦ᠂ ᠡᠷᠳᠡᠨᠢ ᠰᠢᠰᠢ ᠵᠡᠷᠭᠡ ᠲᠠᠪᠠᠭᠤᠯᠢᠭ ᠭᠤᠤᠯᠯᠠᠬᠤ ᠠᠵᠤ ᠦᠢᠯᠡᠰ ᠲᠤ ᠲᠦᠰᠢᠭᠯᠡᠨ᠂ ᠬᠤᠳᠠ ᠶᠢᠨ ᠨᠡᠷ᠎ᠠ ᠶᠢᠨ ᠬᠠᠭᠤᠳᠠᠰᠤ ᠶᠢ ᠴᠤᠭᠴᠠᠯᠠᠬᠤ ᠬᠠᠮᠢᠶ᠎ᠠ ᠪᠦᠬᠦᠢ ᠪᠠᠶᠢᠷᠢᠰᠢᠭᠤᠯᠤᠯᠳᠠ ᠲᠠᠢ ᠤᠶᠠᠯᠳᠤᠭᠤᠯᠤᠨ᠂ ᠲᠤᠮᠳᠠᠳᠤ ᠤᠯᠤᠰ ᠤᠨ ᠰᠦ ᠶᠢᠨ ᠬᠤᠳᠠ᠂ ᠲᠤᠮᠳᠠᠳᠤ ᠤᠯᠤᠰ ᠤᠨ ᠲᠦᠮᠦᠰᠦ ᠶᠢᠨ ᠬᠤᠳᠠ᠂ ᠲᠤᠮᠳᠠᠳᠤ ᠤᠯᠤᠰ ᠤᠨ ᠢᠮᠠᠭᠠᠨ ᠨᠤᠤᠯᠤᠭᠤᠷ ᠤᠨ ᠬᠤᠳᠠ᠂ ᠲᠤᠮᠳᠠᠳᠤ ᠤᠯᠤᠰ ᠤᠨ ᠦᠭᠡᠷ ᠬᠤᠨᠢᠨ ᠮᠢᠬᠠᠨ ᠤ ᠠᠮᠳᠠᠳᠤ ᠢᠳᠡᠭᠡᠨ ᠤ ᠬᠤᠳᠠ ᠵᠡᠷᠭᠡ ᠲᠦᠷᠦᠯ ᠲᠡᠮᠳᠡᠭ ᠢ ᠴᠤᠭᠴᠠᠯᠠᠨ᠎ᠠ᠃ ᠬᠤᠰᠢᠭᠤ ᠰᠢᠶᠠᠨ ︵ᠬᠤᠳᠠ᠂ ᠲᠤᠭᠤᠷᠢᠭ︶ ᠢ ᠵᠤᠷᠢᠠᠠᠵᠢᠭᠤᠯᠵᠤ᠂ ᠡᠬᠢ ᠪᠠᠶᠠᠯᠢᠭ ᠤᠨ ᠲᠠᠪᠠᠭᠤᠯᠢᠭ ᠪᠤᠯᠤᠨ ᠭᠤᠤᠯᠯᠠᠬᠤ ᠠᠵᠤ ᠦᠢᠯᠡᠰ ᠲᠤ ᠰᠠᠭᠤᠷᠢᠯᠠᠵᠤ᠂ ᠢᠯᠡ ᠲᠤᠳᠤᠷᠬᠠᠢ ᠤᠷᠤᠨ ᠪᠦᠰᠡ ᠶᠢᠨ ᠤᠨᠴᠠᠯᠢᠭ ᠲᠠᠢ ᠬᠤᠰᠢᠭᠤ ᠰᠢᠶᠠᠨ ᠤ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠴᠤᠭᠴᠠᠯᠠᠵᠤ᠂ ︽ᠨᠢᠭᠡ ᠰᠢᠶᠠᠨ ᠨᠢᠭᠡ ᠲᠦᠷᠦᠯ ᠲᠡᠮᠳᠡᠭ︾ ᠲᠠᠢ ᠪᠠᠶᠢᠬᠤ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠤᠨ ᠪᠠᠶᠢᠷᠢᠰᠢᠯ ᠢ ᠪᠦᠷᠢᠯᠳᠦᠭᠦᠯᠦᠨ᠎ᠠ᠃      2023 ᠤᠨ ᠪᠤᠯᠳᠠᠯ᠎ᠠ᠂ ᠤᠯᠤᠰ ᠤᠨ ᠲᠤᠳᠤᠭᠠᠳᠤ ᠭᠠᠳᠠᠭᠠᠳᠤ ᠳᠤ ᠨᠡᠯᠢᠶᠡᠳ ᠨᠡᠷ᠎ᠠ ᠠᠯᠳᠠᠷᠰᠢᠯ ᠲᠠᠢ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠢ 20 ᠠᠴᠠ ᠲᠡᠭᠡᠭᠰᠢ ᠴᠤᠭᠴᠠᠯᠠᠨ᠎ᠠ᠃ ᠭᠠᠵᠠᠷ ᠵᠦᠢ ᠶᠢᠨ ᠢᠯᠡᠷᠭᠡᠶᠢᠯᠡᠯᠳᠤ ᠭᠡᠷᠡᠴᠢᠯᠡᠭᠰᠡᠨ ᠲᠠᠸᠠᠷ ᠤᠨ ᠲᠡᠮᠳᠡᠭ ᠢ 2020 ᠤᠨ ᠤ 170 ᠶᠢᠨ ᠰᠠᠭᠤᠷᠢ ᠲᠡᠭᠡᠷ᠎ᠠ 15% ᠪᠠᠷ ᠨᠡᠮᠡᠭᠳᠡᠭᠦᠯᠦᠨ᠎ᠠ᠂ ᠪᠤᠬᠢᠷᠳᠤᠯ ᠦᠭᠡᠢ᠂ ᠤᠷᠭᠠᠨᠢᠭ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠵᠢᠯ ᠲᠤᠮᠳᠠᠴᠢ ᠪᠠᠷ 6% ᠨᠡᠮᠡᠭᠳᠡᠭᠦᠯᠦᠨ᠎ᠠ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯ ᠢ ᠨᠡᠮᠡᠭᠳᠡᠭᠦᠯᠦᠭᠡᠳ 160 ᠪᠤᠯᠭᠠᠵᠤ᠂ ᠬᠠᠮᠳᠤ ᠶᠢᠨ ᠲᠠᠸᠠᠷ ᠤᠨ ᠲᠡᠮᠳᠡᠭ ᠤᠨ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠭᠦᠯᠦᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号