ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠪᠠ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠲᠤᠭ᠎ᠠ ᠪᠠᠷᠢᠮᠲᠠ ᠶᠢ ᠴᠤᠭᠯᠠᠭᠤᠯᠵᠤ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/4/26
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠥᠬᠦ ᠣᠷᠣᠨ ᠤ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠳᠡᠭᠡᠭᠰᠢᠬᠢ ᠳᠡᠰ ᠤᠨ ᠵᠠᠰᠠᠮᠠᠯ ᠵᠠᠮ ᠢ ᠨᠡᠪᠲᠡᠷᠡᠭᠦᠯᠦᠭᠰᠡᠨ ᠪᠠᠶᠢᠳᠠᠯ ᠪᠠ ᠪᠠᠶᠢᠭᠠᠯᠢᠯᠢᠭ ᠲᠣᠰᠬᠤᠨ ᠳᠤᠭᠤᠶᠢᠯᠠᠩ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠲᠤᠭ᠎ᠠ ᠪᠠᠷᠢᠮᠲᠠ ᠶᠢ ᠴᠤᠭᠯᠠᠭᠤᠯᠵᠤ ᠪᠠᠶᠢᠳᠠᠯ ᠢ ᠣᠶᠢᠯᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ︽ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠳᠡᠭᠡᠭᠰᠢᠬᠢ ᠳᠡᠰ ᠤᠨ ᠵᠠᠰᠠᠮᠠᠯ ᠵᠠᠮ ᠨᠡᠪᠲᠡᠷᠡᠭᠦᠯᠬᠦ ᠪᠠ ᠪᠠᠶᠢᠭᠠᠯᠢᠯᠢᠭ ᠲᠣᠰᠬᠤᠨ ᠳᠤᠭᠤᠶᠢᠯᠠᠩ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠪᠠᠶᠢᠳᠠᠯ ᠤᠨ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠮᠡᠷᠭᠡᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠭᠰᠠᠨ ᠪᠠᠶᠢᠨ᠎ᠠ᠃      ︽ᠲᠥᠰᠦᠯ︾ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠲᠤᠭ᠎ᠠ ᠪᠠᠷᠢᠮᠲᠠ ᠶᠢ ᠴᠤᠭᠯᠠᠭᠤᠯᠵᠤ ᠪᠠᠶᠢᠳᠠᠯ ᠢ ᠣᠶᠢᠯᠠᠭᠠᠬᠤ ᠠᠵᠢᠯ ᠤᠨ ᠱᠠᠭᠠᠷᠳᠠᠯᠭ᠎ᠠ ᠵᠢᠴᠢ ᠮᠡᠷᠭᠡᠵᠢᠯ ᠤᠨ ᠠᠷᠭ᠎ᠠ ᠪᠠᠷᠢᠯ ᠢ ᠲᠣᠳᠣᠷᠬᠠᠶ ᠲᠣᠭᠲᠠᠭᠠᠪᠠ᠃ ᠲᠣᠰ ᠤᠳᠠᠭᠠᠨ ᠤ ᠲᠤᠭ᠎ᠠ ᠪᠠᠷᠢᠮᠲᠠ ᠴᠤᠭᠯᠠᠭᠤᠯᠬᠤ ᠠᠵᠢᠯᠯᠠᠭ᠎ᠠ ᠶᠢ ᠭᠠᠷ ᠤᠲᠠᠰᠤᠨ ᠤ App ᠢᠶᠠᠷ ᠴᠡᠭ ᠪᠠᠶᠢᠷᠢ ᠲᠣᠭᠲᠠᠭᠠᠨ ᠴᠤᠭᠯᠠᠭᠤᠯᠬᠤ ᠪᠠᠷ ᠭᠤᠤᠯ ᠠᠷᠭ᠎ᠠ ᠪᠠᠷᠢᠯ ᠪᠣᠯᠭᠠᠨ᠂ ᠠᠯᠤᠰ ᠰᠡᠷᠡᠯ ᠤᠨ ᠵᠢᠷᠤᠭ ᠳᠦᠷᠰᠦ ᠵᠡᠷᠭᠡ ᠮᠡᠷᠭᠡᠵᠢᠯ ᠤᠨ ᠠᠷᠭ᠎ᠠ ᠪᠠᠷᠢᠯ ᠢᠶᠠᠷ ᠬᠠᠪᠰᠤᠷᠤᠮᠵᠢ ᠪᠣᠯᠭᠠᠵᠤ ᠥᠷᠨᠢᠭᠦᠯᠬᠦ ᠪᠠᠷ ᠪᠣᠶ᠃      ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ ᠪᠠ ᠲᠤᠭ᠎ᠠ ᠪᠠᠷᠢᠮᠲᠠ ᠴᠤᠭᠯᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠥᠯᠥᠪᠵᠢᠭᠦᠯᠭᠡ ᠶᠢᠨ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ ᠬᠠᠮᠲᠤᠷᠠᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ ᠪᠠᠶᠢᠭᠠᠳ ᠪᠦᠬᠦ ᠣᠷᠣᠨ ᠤ ᠰᠢᠶᠠᠩ ᠪᠠᠯᠭᠠᠰᠤᠨ ᠳᠤ ᠭᠤᠷᠪᠠᠳᠤᠭᠠᠷ ᠳᠡᠰ ᠵᠢᠴᠢ ᠳᠡᠭᠡᠭᠰᠢᠬᠢ ᠳᠡᠰ ᠤᠨ ᠵᠠᠰᠠᠮᠠᠯ ᠵᠠᠮ ᠨᠡᠪᠲᠡᠷᠡᠭᠦᠯᠦᠭᠰᠡᠨ ᠪᠠᠶᠢᠳᠠᠯ ᠪᠠ ᠪᠠᠶᠢᠭᠠᠯᠢᠯᠢᠭ ᠲᠣᠰᠬᠤᠨ ᠳᠤᠭᠤᠶᠢᠯᠠᠩ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠪᠠᠶᠢᠳᠠᠯ ᠤᠨ ᠰᠠᠭᠤᠷᠢ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠯᠪᠠᠰᠤᠷᠠᠯ ᠤᠨ ᠠᠵᠢᠯᠯᠠᠭ᠎ᠠ ᠢ ᠥᠷᠨᠢᠭᠦᠯᠵᠦ᠂ ᠲᠤᠭ᠎ᠠ ᠪᠠᠷᠢᠮᠲᠠ ᠶᠢᠨ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ ᠶᠢᠨ ᠴᠢᠬᠤᠯᠠ ᠴᠢᠨᠠᠷ ᠪᠠ ᠲᠤᠭ᠎ᠠ ᠪᠠᠷᠢᠮᠲᠠ ᠴᠤᠭᠯᠠᠭᠤᠯᠬᠤ ᠶᠢᠨ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠳᠠᠯ ᠢ ᠣᠶᠢᠯᠠᠭᠠᠵᠤ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠪᠣᠢ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号