ᠲᠤᠷᠤᠢ ᠪᠣᠯ ᠭᠠᠭ᠋ᠠᠢ ᠲᠡᠵᠢᠭᠡᠬᠦ ᠦᠢᠯᠡᠰ ᠤᠨ ᠬᠦᠭᠵᠢᠯᠲᠡ ᠶᠢᠨ ᠪᠤᠳᠠᠰ ᠤᠨ ᠰᠠᠭᠤᠷᠢ ᠮᠦᠨ᠂ ᠣᠳᠣᠮᠰᠢᠯ ᠤᠨ | ᠤᠬᠠᠭᠠᠨ ᠳᠤ ᠪᠣᠯ ᠲᠡᠷᠡ ᠨᠢ ᠨᠢᠭᠡᠨ ᠱᠠᠲᠤ ᠦᠶ᠎ᠡ ᠶᠢᠨ ᠡᠬᠢᠯᠯᠡᠲᠡ ᠪᠣᠯᠬᠤ ᠪᠦᠭᠡᠳ ᠲᠡᠭᠦᠨ ᠤ ᠳᠡᠭᠡᠷ᠎ᠡ ᠦᠶ᠎ᠡ ᠶᠢᠨ | ᠰᠣᠩᠭᠤᠨ ᠪᠤᠶᠢᠵᠢᠭᠤᠯᠤᠲᠠ ᠶᠢᠨ ᠦᠷ᠎ᠡ ᠪᠦᠲᠦᠮᠵᠢ ᠲᠦᠪᠯᠡᠷᠡᠯ ᠪᠣᠯᠣᠨ᠎ᠠ᠃ ᠭᠠᠭ᠋ᠠᠢ ᠶᠢᠨ ᠨᠢᠭᠡ ᠨᠠᠰᠤᠨ ᠳᠤ ᠠᠪᠴᠤ | ᠬᠡᠯᠡᠪᠡᠯ ᠲᠤᠷᠤᠢ ᠶᠢᠨ ᠬᠤᠭᠤᠴᠠᠭᠠᠨ ᠳᠠᠬᠢ ᠦᠰᠦᠯᠲᠡ ᠪᠣᠶᠢᠵᠢᠯᠲᠠ ᠨᠢ ᠬᠠᠮᠤᠭ ᠬᠤᠷᠳᠤᠨ ᠪᠦᠭᠡᠳ ᠨᠠᠯᠠᠷᠬᠠᠢ | ᠴᠢᠨᠠᠷ ᠨᠢ ᠴᠤ ᠬᠠᠮᠤᠭ ᠶᠡᠭᠡ ᠪᠠᠶᠢᠵᠤ᠂ ᠪᠤᠷᠳᠤᠭᠠᠨ ᠤ ᠠᠰᠢᠭᠯᠠᠮᠵᠢ ᠨᠢ ᠬᠠᠮᠤᠭ ᠦᠨᠳᠦᠷ᠂ ᠴᠢᠭᠯᠡᠯᠲᠡ ᠲᠠᠢ ᠪᠠᠷ | ᠰᠣᠩᠭᠤᠨ ᠪᠣᠶᠢᠵᠢᠭᠤᠯᠬᠤ ᠳᠤ ᠬᠠᠮᠤᠭ ᠤᠨ ᠠᠰᠢᠭ ᠲᠠᠢ ᠴᠠᠭ ᠦᠶ᠎ᠡ ᠶᠣᠮ᠃ ᠲᠤᠷᠤᠢ ᠶᠢᠨ ᠪᠣᠶᠢᠵᠢᠯᠲᠠ | ᠠᠷᠠᠴᠢᠯᠠᠯᠲᠠ ᠪᠣᠯ ᠭᠠᠭ᠋ᠠᠢ ᠶᠢᠨ ᠲᠤᠭ᠎ᠠ ᠲᠤᠯᠤᠭᠠᠢ ᠶᠢᠨ ᠨᠡᠮᠡᠭᠳᠡᠯ᠂ ᠭᠠᠭ᠋ᠠᠢ ᠶᠢᠨ ᠰᠦᠷᠦᠭ ᠤᠨ ᠴᠢᠨᠠᠷ ᠤᠨ | ᠳᠡᠭᠡᠭᠰᠢᠯᠡᠯᠲᠡ᠂ ᠡᠭᠦᠯᠳᠡᠷ ᠪᠣᠶᠢᠵᠢᠭᠤᠯᠣᠯᠲᠠ ᠶᠢᠨ ᠦᠷ᠎ᠡ ᠪᠦᠲᠦᠮᠵᠢ ᠶᠢᠨ ᠪᠠᠲᠤᠯᠠᠮᠵᠢ᠂ ᠦᠢᠯᠡᠳᠪᠦᠷᠢᠯᠡᠯ ᠤᠨ ᠪᠡᠯᠡ | ᠮᠦᠩᠭᠦ ᠶᠢᠨ ᠵᠠᠷᠤᠴᠠᠭᠤᠯᠭ᠎ᠠ ᠶᠢ ᠳᠤᠷᠤᠭᠰᠢᠯᠠᠭᠤᠯᠬᠤ ᠵᠠᠩᠭᠢᠯᠠᠭ᠎ᠠ ᠶᠢᠨ ᠱᠠᠲᠤ ᠦᠶ᠎ᠡ ᠪᠤᠯᠤᠨ᠎ᠠ᠃ | ᠰᠠᠶ᠋ᠢ ᠲᠦᠷᠦᠭᠰᠡᠨ ᠲᠤᠷᠤᠢ ᠨᠢ ᠤᠷᠴᠢᠨ ᠲᠤᠭᠤᠷᠢᠨ ᠤ ᠬᠤᠪᠢᠷᠠᠯᠲᠠ ᠪᠠ ᠰᠢᠮ᠎ᠡ ᠲᠡᠵᠢᠭᠡᠯ ᠤᠨ | ᠬᠠᠩᠭᠠᠯᠲᠠ ᠶᠢᠨ ᠰᠢᠰᠲ᠋ᠧᠮ ᠤᠨ ᠬᠤᠪᠢᠷᠠᠯᠲᠠ ᠳᠤ ᠦᠯᠦ ᠳᠠᠰᠬᠤ ᠶᠢᠨ ᠳᠡᠭᠡᠷ᠎ᠡ ᠲᠤᠰ ᠪᠡᠶ᠎ᠡ ᠶᠢᠨ ᠡᠨᠧᠷᠭᠢ ᠶᠢᠨ | ᠬᠠᠳᠠᠭᠠᠯᠠᠮᠵᠢ ᠶᠢᠨ ᠬᠡᠮᠵᠢᠶ᠎ᠡ ᠨᠢ ᠪᠠᠭ᠎ᠠ᠂ ᠠᠷᠠᠰᠤᠨ ᠲᠤᠤᠷᠠᠬᠢ ᠦᠭᠡᠬᠦᠨ ᠤ ᠬᠡᠮᠵᠢᠶ᠎ᠡ ᠨᠢ ᠨᠢᠮᠭᠡᠨ ᠠᠴᠠ ᠪᠣᠯᠵᠣ᠂ | ᠪᠡᠶ᠎ᠡ ᠶᠢᠨ ᠳᠣᠯᠠᠭᠠᠨ ᠢᠶᠠᠨ ᠲᠣᠬᠢᠷᠠᠭᠤᠯᠬᠤ ᠴᠢᠳᠠᠪᠤᠷᠢ ᠨᠢ ᠳᠤᠷᠤᠢ ᠪᠠᠶᠢᠳᠠᠭ᠃ ᠡᠶᠢᠮᠦ ᠠᠴᠠ ᠰᠠᠶ᠋ᠢ ᠲᠦᠯᠯᠡᠭᠰᠡᠨ | ᠲᠤᠷᠣᠢ ᠳᠤ ᠲᠤᠬᠢᠷᠠᠮᠵᠢᠲᠠᠢ ᠳᠣᠯᠠᠭᠠᠨ ᠪᠦᠯᠢᠶᠡᠨ ᠤᠷᠴᠢᠨ ᠲᠤᠭᠤᠷᠢᠨ ᠲᠦᠢᠯ ᠤᠨ ᠴᠢᠬᠤᠯᠠ ᠪᠠᠶᠢᠳᠠᠭ᠃ | ᠰᠣᠳᠣᠯᠣᠯ ᠢ ᠦᠨᠳᠦᠰᠦᠯᠡᠪᠡᠯ᠂ ᠰᠠᠶ᠋ᠢ ᠲᠦᠯᠯᠡᠭᠰᠡᠨ ᠲᠤᠷᠤᠢ ᠶᠢᠨ ᠬᠠᠮᠤᠭ ᠤᠨ ᠲᠤᠬᠢᠷᠠᠮᠵᠢᠲᠠᠢ ᠳᠣᠯᠠᠭᠠᠨ ᠤ ᠬᠡᠮᠵᠢᠶ᠎ᠡ | ᠨᠢ 33℃~37℃ ᠪᠣᠯᠣᠨ᠎ᠠ᠃ ᠲᠤᠷᠤᠢ ᠨᠢ ᠲᠦᠯᠯᠡᠬᠦ ᠠᠴᠠ ᠡᠮᠦᠨ᠎ᠡ ᠮᠡᠭᠡᠵᠢ ᠶᠢᠨ ᠦᠯᠦ ᠬᠠᠯᠳᠠᠭᠠᠬᠤ | ᠴᠢᠳᠠᠪᠤᠷᠢ ᠳᠤ ᠲᠦᠰᠢᠭᠯᠡᠵᠦ ᠪᠠᠶᠢᠭᠰᠠᠨ ᠠᠴᠠ ᠪᠠᠨ ᠲᠦᠯᠯᠡᠭᠰᠡᠨ ᠤ ᠳᠠᠷᠠᠭ᠎ᠠ ᠡᠬᠡ ᠪᠠᠶᠢᠭᠠᠯᠢ ᠶᠢᠨ ᠪᠠᠺᠲ᠋ᠧᠷᠢᠲᠦ | ᠤᠷᠴᠢᠨ ᠳᠤ ᠦᠪᠡᠷ ᠤᠨ ᠪᠡᠶ᠎ᠡ ᠶᠢᠨ ᠢᠶᠠᠨ ᠦᠯᠦ ᠬᠠᠯᠳᠠᠭᠠᠬᠤ ᠴᠢᠳᠠᠪᠤᠷᠢ ᠳᠤ ᠲᠦᠰᠢᠭᠯᠡᠳᠡᠭ᠃ ᠡᠶᠢᠮᠦ ᠠᠴᠠ | ᠲᠤᠷᠤᠢ ᠨᠢ ᠮᠡᠭᠡᠵᠢ ᠶᠢᠨ ᠠᠩᠬᠠᠨ ᠤ ᠰᠦ ᠶᠢ ᠢᠳᠡᠬᠦ ᠪᠠᠷ ᠳᠠᠮᠵᠢᠨ ᠦᠪᠡᠷ ᠤᠨ ᠦᠯᠦ ᠬᠠᠯᠳᠠᠭᠠᠬᠤ ᠴᠢᠳᠠᠪᠤᠷᠢ ᠪᠠᠨ | ᠲᠦᠷᠭᠡᠨ ᠳᠡᠭᠡᠭᠰᠢᠯᠡᠭᠦᠯᠬᠦ ᠴᠢᠬᠤᠯᠠ ᠲᠠᠢ ᠪᠠᠶᠢᠳᠠᠭ᠃ ᠠᠩᠬᠠᠨ ᠤ ᠰᠦ ᠭᠡᠳᠡᠭ ᠨᠢ ᠮᠡᠭᠡᠵᠢ ᠲᠦᠯᠯᠡᠭᠰᠡᠨ ᠤ | ᠳᠠᠷᠠᠭᠠᠬᠢ 24 ᠴᠠᠭ ᠳᠤᠲᠤᠷ᠎ᠠ ᠱᠦᠭᠦᠷᠡᠭᠦᠯᠦᠭᠰᠡᠨ ᠰᠦ ᠶᠢ ᠬᠡᠯᠡᠳᠡᠭ᠃ ᠲᠡᠷᠡ ᠨᠢ ᠶᠡᠷᠦ ᠶᠢᠨ ᠰᠦ ᠲᠠᠢ ᠠᠳᠠᠯᠢ | ᠦᠭᠡᠢ ᠲᠠᠯ᠎ᠠ ᠨᠢ ᠭᠡᠪᠡᠯ ᠠᠭᠤᠯᠤᠭᠳᠠᠬᠤᠨ ᠨᠢ ᠠᠳᠠᠯᠢ ᠦᠭᠡᠢ ᠪᠠᠶᠢᠳᠠᠭ᠃ ᠮᠡᠭᠡᠵᠢ ᠲᠦᠯᠯᠡᠭᠰᠡᠨ ᠤ ᠳᠠᠷᠠᠭ᠎ᠠ | ᠠᠩᠬᠠᠨ ᠤ ᠰᠦ ᠨᠢ ᠦᠯᠦ ᠬᠦᠷᠦᠯᠴᠡᠬᠦ ᠪᠣᠶᠣ ᠤᠭᠲᠤ ᠪᠠᠶᠢᠬᠤ ᠦᠭᠡᠢ ᠦᠶ᠎ᠡ ᠳᠤ᠂ ᠲᠤᠷᠤᠢ ᠳᠤᠨᠢ ᠨᠢᠶᠡᠨ | ᠳᠠᠷᠤᠭᠴᠢ ᠡᠮ ᠢ ᠲᠠᠷᠢᠬᠤ ᠪᠤᠶᠤ ᠴᠢᠳᠬᠤᠵᠤ ᠦᠭᠭᠦᠨ᠎ᠡ᠃ ᠰᠠᠶ᠋ᠢ ᠭᠠᠷᠤᠭᠰᠠᠨ ᠲᠤᠷᠤᠢ ᠳᠤ ᠳᠣᠯᠠᠭᠠᠨ ᠤᠷᠴᠢᠨ | ᠲᠤᠭᠤᠷᠢᠨ ᠬᠠᠮᠤᠭ ᠠᠴᠠ ᠴᠢᠬᠤᠯᠠ ᠪᠠᠶᠢᠳᠠᠭ᠃ ᠶᠡᠷᠦ ᠳᠡᠭᠡᠨ ᠲᠦᠯᠯᠡᠭᠰᠡᠨ ᠤ ᠳᠠᠷᠠᠭ᠎ᠠ 3 ᠡᠳᠦᠷ ᠤᠨ ᠳᠤᠲᠤᠷᠠᠬᠢ | ᠳᠤᠯᠠᠭᠠᠨ ᠤ ᠬᠡᠮᠵᠢᠶ᠎ᠡ ᠶᠢ 35℃~28℃︔ ᠲᠦᠯᠯᠡᠭᠰᠡᠨ ᠤ ᠳᠠᠷᠠᠭ᠎ᠠ 4~7 ᠡᠳᠦᠷ ᠤᠨ ᠳᠤᠲᠤᠷᠠᠬᠢ | ᠳᠤᠯᠠᠭᠠᠨ ᠤ ᠬᠡᠮᠵᠢᠶ᠎ᠡ ᠶᠢ 28℃~25℃︔ ᠲᠦᠯᠯᠡᠭᠰᠡᠨ ᠤ ᠳᠠᠷᠠᠭ᠎ᠠ 8~30 ᠡᠳᠦᠷ ᠤᠨ ᠳᠤᠲᠤᠷᠠᠬᠢ | ᠳᠣᠯᠠᠭᠠᠨ ᠤ ᠬᠡᠮᠵᠢᠶ᠎ᠡ ᠶᠢ 25℃~22℃ ᠪᠠᠶᠢᠯᠭᠠᠪᠠᠯ ᠵᠤᠬᠢᠨ᠎ᠠ᠃ ᠬᠦᠬᠦᠭᠦᠯ ᠤᠨ ᠦᠶ᠎ᠡ ᠳᠠᠬᠢ ᠮᠡᠭᠡᠵᠢ ᠶᠢ | ᠤᠯᠠᠨ ᠵᠦᠢᠯ ᠤᠨ ᠰᠢᠮ᠎ᠡ ᠲᠡᠵᠢᠭᠡᠯ ᠲᠠᠢ ᠲᠡᠵᠢᠭᠡᠯ ᠪᠤᠷᠳᠤᠭ᠎ᠠ ᠪᠠᠷ ᠲᠡᠵᠢᠭᠡᠵᠦ ᠲᠤᠷᠤᠢ ᠶᠢᠨ ᠰᠢᠮ᠎ᠡ ᠲᠡᠵᠢᠭᠡᠯ | ᠳᠤᠲᠠᠭᠳᠠᠬᠤ ᠠᠴᠠ ᠰᠡᠷᠡᠮᠵᠢᠯᠡᠬᠦ ᠬᠡᠷᠡᠭᠲᠡᠢ᠃ ᠬᠦᠬᠦᠭᠦᠯ ᠤᠨ ᠬᠤᠭᠤᠴᠠᠭᠠᠨ ᠳᠤ ᠲᠤᠷᠤᠢ ᠨᠢ ᠮᠡᠭᠡᠵᠢ ᠶᠢ ᠬᠦᠬᠦᠵᠦ | ᠳᠠᠭᠤᠰᠤᠮᠠᠭᠴᠠ ᠠᠷᠠᠴᠢᠯᠠᠭᠴᠢ ᠠᠴᠠ ᠲᠤᠷᠤᠢ ᠶᠢ ᠡᠬᠡ ᠠᠴᠠ ᠨᠢ ᠰᠠᠯᠭᠠᠵᠤ ᠠᠰ ᠲᠤᠨᠢ ᠬᠠᠰᠢᠶᠠᠯᠠᠨ᠎ᠠ᠃ ᠡᠨᠡ ᠨᠢ | ᠮᠡᠭᠡᠵᠢ ᠲᠤᠷᠤᠢ ᠪᠠᠨ ᠳᠠᠷᠤᠵᠤ ᠠᠯᠠᠬᠤ ᠠᠴᠠ ᠰᠡᠷᠭᠡᠶᠢᠯᠡᠵᠦ ᠪᠠᠶᠢᠬᠤ ᠶᠤᠮ᠃ | | | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ |