【ᠠᠳᠣᠭᠤ ᠮᠠᠯ ᠤᠨ ᠲᠠᠮᠠᠭ᠎ᠠ 】 ᠴᠢᠭᠳᠠ ᠲᠠᠮᠠᠭ᠎ᠠ ︵ᠲᠤᠭᠤᠨᠤᠯᠵᠢᠨ ᠲᠠᠮᠠᠭ᠎ᠠ︶
ᠨᠡᠶᠢᠲᠡᠯᠡᠭᠰᠡᠨ ᠴᠠᠭ᠄
2021/4/28
     ᠡᠨᠡ ᠲᠠᠮᠠᠭ᠎ᠠ ᠶᠢ ᠬᠦᠷᠢᠶ᠎ᠡ ᠲᠠᠢ ᠴᠢᠭᠳᠠ ᠲᠠᠮᠠᠭ᠎ᠠ᠂ ᠬᠦᠷᠢᠶ᠎ᠡ ᠦᠭᠡᠢ ᠴᠢᠭᠳᠠ ᠲᠠᠮᠠᠭ᠎ᠠ ᠭᠡᠵᠦ ᠬᠤᠶᠠᠷ ᠶᠠᠩᠵᠣ ᠪᠠᠷ ᠬᠡᠷᠡᠭᠯᠡᠵᠦ ᠪᠠᠶᠢᠵᠠᠢ ︵ᠲᠠᠮᠠᠭ᠎ᠠ ᠶᠢᠨ ᠬᠡᠯᠪᠡᠷᠢ ᠳᠦᠷᠰᠦ ᠶᠢ ᠳᠠᠷᠠᠭᠠᠬᠢ ᠵᠠᠭᠪᠤᠷ ᠳᠦᠷᠰᠦ ᠳᠤ ᠦᠵᠡ︶᠃ ᠴᠢᠭᠳᠠ ᠲᠠᠮᠠᠭ᠎ᠠ ᠪᠣᠯ ᠮᠣᠩᠭᠤᠯ ᠤᠨ ᠦᠨᠳᠦᠷᠯᠢᠭ ᠲᠤ ᠢᠯᠡᠷᠡᠭᠰᠡᠨ ᠬᠠᠮᠤᠭ ᠡᠷᠲᠡᠨ ᠤ ᠲᠠᠮᠠᠭ᠎ᠠ ᠲᠡᠮᠳᠡᠭ ᠶᠣᠮ᠃ ᠬᠠᠶᠢᠨ ᠰᠢᠨᠵᠢᠯᠡᠭᠴᠢ ᠨᠠᠷ ᠤᠨ ᠬᠡᠯᠡᠬᠦ ᠪᠠᠷ ᠲᠡᠷᠡ ᠨᠢ ᠡᠷᠲᠡ ᠳᠡᠭᠡᠳᠦ ᠦᠶ᠎ᠡ ᠶᠢᠨ ᠸᠠᠭᠠᠷ ᠰᠠᠪᠠ᠂ ᠬᠠᠳᠠᠨ ᠵᠢᠷᠤᠭ ᠲᠤ ᠢᠯᠡᠷᠡᠭᠰᠡᠨ ᠪᠦᠭᠡᠳ ᠡᠨᠡ ᠬᠦ ᠴᠢᠭᠳᠠ ᠲᠠᠮᠠᠭ᠎ᠠ ᠨᠢ ᠳᠠᠩ ᠭᠠᠭᠴᠠ ᠨᠡᠭᠦᠳᠡᠯᠴᠢᠨ ᠦᠨᠳᠦᠰᠦᠲᠡᠨ ᠤ ᠲᠡᠳᠦᠢ ᠪᠢᠰᠢ᠂ ᠬᠠᠷᠢᠨ ᠪᠦᠬᠦ ᠳᠡᠯᠡᠬᠡᠢ ᠶᠢᠨ ᠴᠢᠨᠠᠷ ᠲᠠᠢ ᠲᠦᠭᠡᠮᠡᠯ ᠳᠡᠯᠭᠡᠷᠡᠭᠰᠡᠨ ᠬᠠᠮᠲᠤ ᠶᠢᠨ ᠦᠪ ᠰᠤᠶᠤᠯ ᠮᠦᠨ ᠭᠡᠵᠡᠢ᠃ ᠴᠢᠭᠳᠠ ᠲᠡᠮᠳᠡᠭ ᠢ ᠡᠷᠲᠡᠨ ᠤ ᠬᠦᠮᠦᠰ᠂ ᠡᠬᠡ ᠭᠠᠵᠠᠷ᠂ ᠭᠠᠯᠪᠠ ᠳᠡᠯᠡᠬᠡᠢ ᠶᠢᠨ ᠡᠭᠦᠰᠦᠯ ᠬᠦᠭᠵᠢᠯ ᠤᠨ ᠬᠤᠷᠢᠶᠠᠩᠭᠤᠶᠢᠯᠠᠯ ᠲᠡᠮᠳᠡᠭ ᠭᠡᠵᠦ ᠦᠵᠡᠳᠡᠭ ᠪᠦᠭᠡᠳ ᠤᠷᠴᠢᠯᠠᠩ ᠳᠡᠯᠡᠬᠡᠢ ᠶᠢᠨ ᠪᠦᠷᠢᠨ ᠴᠤᠭᠴᠠᠲᠤ ᠴᠢᠨᠠᠷ ᠤᠨ ᠪᠡᠯᠭᠡᠳᠡᠯ ᠭᠡᠵᠦ ᠦᠵᠡᠵᠦ ᠪᠠᠶᠢᠪᠠ᠃ ᠲᠡᠷᠡ ᠦᠶ᠎ᠡ ᠶᠢᠨ ᠪᠠᠯᠠᠷᠯᠢᠭ ᠦᠵᠡᠯᠲᠡ ᠪᠠᠷ ᠴᠢᠭᠳᠠ ᠲᠡᠮᠳᠡᠭ ᠨᠢ ᠨᠠᠷᠠ ᠰᠠᠷ᠎ᠠ ᠶᠢ ᠲᠦᠯᠦᠭᠡᠯᠡᠨ᠂ ᠬᠦᠮᠦᠨ ᠠᠮᠢᠲᠠᠨ ᠪᠠ ᠠᠯᠢᠪᠠ ᠤᠷᠭᠤᠮᠠᠯ ᠪᠤᠳᠠᠰ ᠤᠨ ᠰᠠᠶᠢᠨ ᠰᠠᠶᠢᠬᠠᠨ᠂ ᠦᠭᠡᠳᠡ ᠡᠰᠡᠷᠡᠭ ᠪᠠᠶᠢᠬᠤ ᠶᠢᠨ ᠰᠢᠲᠦᠯᠭᠡ ᠪᠣᠯᠵᠣ᠂ ᠠᠯᠢᠪᠠ ᠴᠢᠳᠭᠦᠷ ᠰᠢᠮᠨᠤ᠂ ᠮᠠᠭᠤ ᠮᠠᠭᠤᠬᠠᠢ᠂ ᠭᠠᠢ ᠪᠠᠷᠴᠢᠳ ᠢ ᠳᠠᠷᠤᠩᠭᠤᠶᠢᠯᠠᠨ ᠠᠷᠢᠯᠭᠠᠬᠤ ᠳᠠᠷᠤᠯᠭ᠎ᠠ ᠭᠡᠵᠦ ᠦᠵᠡᠵᠦ ᠪᠠᠶᠢᠵᠠᠢ᠃ ᠡᠭᠦᠨ ᠠᠴᠠ ᠪᠤᠯᠤᠭᠠᠳ ᠨᠡᠭᠦᠳᠡᠯᠴᠢᠨ ᠮᠠᠯᠴᠢᠨ ᠦᠨᠳᠦᠰᠦᠳᠡᠨ ᠴᠢᠭᠳᠠ ᠲᠡᠮᠳᠡᠭ ᠢ ᠶᠡᠭᠡ ᠯᠡ ᠬᠦᠨᠳᠦᠳᠭᠡᠨ ᠦᠵᠡᠵᠦ᠂ ᠲᠠᠰᠢᠭᠤᠷ ᠪᠠ ᠪᠤᠯᠤ ᠰᠢᠳᠠᠮ ᠤᠨ ᠡᠰᠢᠨ ᠤ ᠠᠷᠤ ᠳᠤᠬᠤᠨ  ᠳᠤᠨᠢ ᠰᠡᠶᠢᠯᠵᠦ᠂ ᠡᠨᠡ ᠬᠦ ᠲᠡᠮᠳᠡᠭ ᠢ ᠪᠢᠰᠢᠷᠡᠨ ᠰᠢᠲᠦᠵᠦ ᠪᠠᠶᠢᠵᠠᠢ᠃

     ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ

ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶

 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号