ᠰᠦ ᠠᠴᠠ ᠰᠠᠯᠭᠠᠭᠰᠠᠨ ᠦᠶ᠎ᠡ ᠳᠠᠬᠢ ᠲᠤᠷᠤᠢ ᠶᠢ ᠠᠷᠠᠴᠢᠯᠠᠬᠤ ᠨᠢ ᠪᠦᠬᠦᠶᠢᠯᠡ ᠠᠷᠠᠴᠢᠯᠠᠭ᠎ᠠ ᠲᠡᠵᠢᠭᠡᠯᠭᠡ ᠶᠢᠨ | ᠵᠠᠩᠭᠢᠯᠠᠭ᠎ᠠ ᠪᠣᠯᠣᠨ᠎ᠠ᠃ ᠡᠨᠡ ᠦᠶ᠎ᠡ ᠳᠤ ᠬᠡᠷᠪᠡ ᠰᠢᠨᠵᠢᠯᠡᠬᠦ ᠤᠬᠠᠭᠠᠨᠴᠢ ᠪᠠᠷ ᠨᠠᠷᠢᠨ ᠬᠢᠨᠠᠮᠠᠭᠠᠢ ᠠᠷᠠᠴᠢᠯᠠᠵᠤ ᠲᠡᠵᠢᠭᠡᠬᠦ | ᠦᠭᠡᠢ ᠶᠤᠮ ᠪᠣᠯ ᠲᠤᠷᠤᠢ ᠶᠢᠨ ᠦᠰᠦᠯᠲᠡ ᠪᠣᠶᠢᠵᠢᠯᠲᠠ ᠶᠢ ᠨᠦᠯᠦᠭᠡᠯᠡᠬᠦ ᠪᠠᠷ ᠪᠠᠷᠠᠬᠤ ᠦᠭᠡᠢ ᠦᠬᠦᠭᠦᠯᠬᠦ ᠳᠤ | ᠬᠦᠷᠦᠭᠦᠯᠳᠡᠭ᠃ ᠶᠡᠷᠦ ᠳᠡᠭᠡᠨ ᠰᠦ ᠠᠴᠠ ᠰᠠᠯᠭᠠᠬᠤ ᠬᠤᠨᠤᠭ ᠤᠨ ᠲᠤᠭ᠎ᠠ ᠶᠢ 30~35 ᠡᠳᠦᠷ ᠢᠶᠠᠷ ᠲᠤᠭᠲᠠᠭᠠᠵᠤ᠂ | ᠬᠠᠮᠤᠭ ᠡᠷᠲᠡ ᠳᠡᠭᠡᠨ 28 ᠡᠳᠦᠷ ᠢᠶᠠᠷ ᠲᠤᠭᠲᠠᠭᠠᠳᠠᠭ᠃ ᠰᠦ ᠠᠴᠠ ᠰᠠᠯᠭᠠᠬᠤ ᠠᠷᠭ᠎ᠠ ᠬᠤᠶᠠᠷ ᠵᠦᠢᠯ ᠪᠠᠶᠢᠳᠠᠭ᠃ | ᠨᠢᠭᠡ ᠯᠡ ᠳᠡᠭᠡᠷ᠎ᠡ ᠨᠢᠭᠡᠮᠦᠰᠦᠨ ᠰᠠᠯᠭᠠᠬᠤ ᠪᠣᠶᠣ ᠬᠤᠭᠤᠴᠠᠭ᠎ᠠ ᠬᠤᠪᠢᠶᠠᠨ ᠬᠡᠰᠡᠭᠯᠡᠵᠦ ᠰᠠᠯᠭᠠᠳᠠᠭ᠃ ᠡᠮᠦᠨᠡᠬᠢ ᠨᠢ | ᠠᠷᠠᠴᠢᠯᠠᠭᠴᠢ ᠳᠤ ᠳᠦᠭᠦᠮ ᠪᠣᠯᠪᠠᠴᠤ ᠵᠠᠷᠢᠮ ᠪᠡᠶ᠎ᠡ ᠪᠠᠭᠤᠷᠠᠢ ᠲᠤᠷᠤᠢ ᠳᠤ ᠠᠰᠢᠭ ᠦᠭᠡᠢ ᠪᠠᠶᠢᠳᠠᠭ᠃ ᠬᠤᠶᠢᠨᠠᠬᠢ ᠨᠢ | ᠪᠡᠶ᠎ᠡ ᠪᠢᠯᠳᠠᠷ ᠪᠠᠭᠤᠷᠠᠢ ᠲᠤᠷᠤᠢ ᠳᠤ ᠰᠦ ᠠᠴᠠ ᠪᠠᠨ ᠰᠠᠯᠭᠠᠬᠤ ᠳᠤ ᠬᠡᠷᠡᠭᠯᠡᠳᠡᠭ ᠠᠷᠭ᠎ᠠ ᠪᠣᠯᠣᠨ᠎ᠠ᠃ ᠡᠨᠡ ᠠᠷᠭ᠎ᠠ ᠨᠢ | ᠮᠡᠭᠡᠵᠢ ᠶᠢᠨ ᠬᠦᠬᠦᠭᠦᠯᠬᠦ ᠬᠤᠭᠤᠴᠠᠭ᠎ᠠ ᠶᠢ ᠤᠷᠲᠤ ᠪᠤᠯᠭᠠᠵᠤ᠂ ᠬᠦᠴᠦ ᠲᠠᠮᠢᠷ ᠢᠶᠠᠨ ᠰᠡᠯᠭᠦᠵᠦ ᠳᠡᠶᠢᠯᠬᠦ ᠦᠭᠡᠢ | ᠪᠦᠭᠡᠳ ᠵᠠᠷᠢᠮ ᠮᠡᠭᠡᠵᠢ ᠳᠤ ᠬᠦᠬᠦ ᠨᠢ ᠦᠷᠪᠢᠰᠦᠭᠦᠯᠦᠭᠡᠳ ᠬᠡᠭᠡᠯᠳᠦᠭᠦᠯᠭᠡ ᠬᠢᠬᠦ ᠴᠠᠭ ᠢ ᠬᠤᠶᠢᠰᠢᠯᠠᠭᠤᠯᠳᠠᠭ᠃ | ᠲᠤᠷᠤᠢ ᠶᠢ ᠰᠦ ᠠᠴᠠ ᠨᠢ ᠰᠠᠯᠭᠠᠬᠤ ᠳᠤ ᠶᠡᠷᠦ ᠳᠡᠭᠡᠨ ᠳᠤᠤᠷᠠᠬᠢ ᠬᠡᠳᠦᠨ ᠠᠷᠭ᠎ᠠ ᠶᠢ ᠬᠡᠷᠡᠭᠯᠡᠳᠡᠭ᠄ | 1.ᠲᠤᠷᠤᠢ ᠶᠢ ᠰᠦ ᠠᠴᠠ ᠨᠢ ᠰᠠᠯᠭᠠᠬᠤ ᠠᠴᠠ ᠡᠮᠦᠨ᠎ᠡ ᠡᠷᠬᠡᠪᠰᠢ ᠰᠦ ᠤᠷᠤᠭᠤᠯᠬᠤ ᠪᠤᠷᠳᠤᠭ᠎ᠠ ᠶᠢ | ᠢᠳᠡᠭᠦᠯᠵᠦ᠂ ᠰᠢᠩᠭᠡᠭᠡᠯᠲᠡ ᠶᠢᠨ ᠰᠢᠰᠲ᠋ᠧᠮ ᠢ ᠨᠢ ᠳᠠᠰᠬᠠᠵᠤ ᠪᠠᠶᠢᠬᠤ ᠬᠡᠷᠡᠭᠲᠡᠢ᠃ | 2.ᠰᠦ ᠶᠢ ᠨᠢ ᠵᠤᠭᠰᠤᠭᠠᠬᠤ ᠠᠴᠠ ᠡᠮᠦᠨ᠎ᠡ 3 ᠡᠳᠦᠷ ᠲᠤ ᠮᠡᠭᠡᠵᠢ ᠶᠢᠨ ᠬᠤᠭᠤᠯᠠᠨ ᠤ ᠬᠡᠮᠵᠢᠶ᠎ᠡ ᠶᠢ | ᠬᠠᠭᠠᠰ ᠢᠶᠠᠷ ᠬᠠᠰᠤᠵᠤ ᠰᠦ ᠱᠦᠭᠦᠷᠡᠭᠦᠯᠬᠦ ᠬᠡᠮᠵᠢᠶ᠎ᠡ ᠶᠢ ᠪᠠᠭᠠᠰᠬᠠᠨ᠎ᠠ᠂ ᠭᠡᠬᠦ ᠳᠡᠭᠡᠨ ᠮᠡᠭᠡᠵᠢ ᠶᠢᠨ ᠬᠦᠴᠦ ᠲᠠᠮᠢᠷ ᠢ | ᠬᠠᠮᠠᠭᠠᠯᠠᠬᠤ ᠶᠢᠨ ᠲᠦᠯᠦᠭᠡ ᠨᠠᠷᠢᠯᠢᠭ ᠪᠤᠷᠳᠤᠭ᠎ᠠ ᠶᠢ ᠨᠢ ᠬᠠᠰᠣᠬᠤ ᠦᠭᠡᠢ ᠪᠣᠶᠣ ᠪᠠᠭ᠎ᠠ ᠰᠠᠭ᠎ᠠ ᠬᠠᠰᠤᠨ᠎ᠠ᠃ | 3.ᠲᠤᠷᠤᠢ ᠶᠢ ᠰᠦ ᠠᠴᠠ ᠰᠠᠯᠭᠠᠬᠤ ᠦᠶ᠎ᠡ ᠳᠤ᠂ ᠮᠡᠭᠡᠵᠢ ᠶᠢ ᠣᠣᠯ ᠬᠡᠪᠲᠡᠷᠢ ᠠᠴᠠ ᠨᠢ ᠰᠠᠯᠭᠠᠨ ᠦᠭᠡᠷ᠎ᠡ | ᠭᠠᠵᠠᠷ ᠶᠠᠪᠤᠭᠤᠯᠵᠤ᠂ ᠲᠤᠷᠣᠢ ᠶᠢ ᠨᠢ ᠬᠤᠴᠤᠷᠭᠠᠭᠠᠳ ᠪᠤᠷᠤᠭ ᠨᠢᠭᠡ ᠭᠠᠷᠠᠭ ᠰᠦ ᠤᠷᠤᠯᠠᠭᠤᠯᠬᠤ ᠪᠤᠷᠳᠤᠭ᠎ᠠ ᠪᠠᠷ | ᠲᠡᠵᠢᠭᠡᠨ᠎ᠡ᠃ ᠲᠤᠷᠤᠢ ᠠᠮᠢᠳᠤᠷᠠᠵᠤ ᠳᠠᠰᠤᠭᠰᠠᠨ ᠤᠷᠴᠢᠨ ᠲᠤᠭᠤᠷᠢᠨ ᠳᠠᠭᠠᠨ ᠰᠦ ᠠᠴᠠ ᠪᠠᠨ ᠰᠠᠯᠵᠤ᠂ | ᠡᠬᠡ ᠠᠴᠠ ᠪᠠᠨ ᠰᠠᠯᠪᠠᠯ ᠰᠢᠨ᠎ᠡ ᠮᠠᠶᠢᠳᠤᠷᠠᠯ ᠳᠠᠭᠠᠨ ᠮᠠᠰᠢ ᠬᠤᠷᠳᠤᠨ ᠵᠤᠬᠢᠴᠠᠨ ᠳᠠᠰᠴᠤ᠂ ᠡᠬᠡ ᠪᠠᠨ ᠮᠠᠷᠲᠠᠬᠤ ᠨᠢ | ᠬᠤᠷᠳᠤᠨ ᠪᠤᠯᠤᠭᠠᠳ ᠦᠰᠦᠯᠲᠡ ᠪᠣᠶᠢᠵᠢᠯᠲᠠ ᠳᠤᠨᠢ ᠳᠡᠮᠡᠢ ᠶᠡᠭᠡ ᠬᠠᠷᠰᠢ ᠰᠠᠭᠠᠳ ᠪᠣᠯᠬᠤ ᠦᠭᠡᠢ ᠶᠣᠮ᠃ | ᠰᠦ ᠠᠴᠠ ᠪᠠᠨ ᠰᠠᠯᠤᠭᠰᠠᠨ ᠲᠤᠷᠤᠢ ᠳᠤ ᠤᠷᠴᠢᠨ ᠲᠤᠭᠤᠷᠢᠨ ᠤ ᠱᠠᠭᠠᠷᠳᠠᠯᠭ᠎ᠠ ᠨᠢ ᠨᠡᠯᠢᠶᠡᠳ ᠦᠨᠳᠦᠷ | ᠪᠠᠶᠢᠳᠠᠭ᠃ ᠤᠨᠴᠠᠭᠠᠶᠢᠯᠠᠨ ᠳᠤᠯᠠᠭᠠᠨ ᠤ ᠬᠡᠮᠵᠢᠶ᠎ᠡ ᠶᠢᠨ ᠬᠤᠪᠢᠷᠠᠯᠲᠠ ᠳᠤ ᠲᠤᠩ ᠰᠡᠷᠭᠡᠭ ᠪᠣᠯᠳᠠᠭ᠃ ᠰᠦ ᠠᠴᠠ | ᠰᠠᠯᠭᠠᠬᠤ ᠬᠠᠰᠢᠶ᠎ᠠ ᠰᠠᠷᠠᠪᠴᠢᠨ ᠤ ᠳᠤᠯᠠᠭᠠᠨ ᠤ ᠬᠡᠮᠵᠢᠶ᠎ᠡ ᠶᠢ 26℃ ᠤᠷᠴᠢᠮ ᠪᠠᠶᠢᠯᠭᠠᠬᠤ ᠬᠡᠷᠡᠭᠲᠡᠢ᠃ ᠰᠠᠶ᠋ᠢ | ᠰᠦ ᠠᠴᠠ ᠪᠠᠨ ᠰᠠᠯᠤᠭᠰᠠᠨ ᠲᠤᠷᠤᠢ ᠨᠢ ᠡᠬᠡ ᠶᠢᠨ ᠰᠦ ᠦᠭᠡᠢ ᠪᠣᠯᠣᠭᠰᠠᠨ ᠤ ᠰᠡᠭᠦᠯᠡᠷ ᠢᠳᠡᠰᠢᠯᠡᠬᠦ ᠬᠡᠮᠵᠢᠶ᠎ᠡ ᠨᠢ | ᠳᠤᠷᠣᠭᠰᠢᠯᠠᠵᠤ᠂ ᠳᠣᠯᠠᠭᠠᠨ ᠤ ᠬᠡᠮᠵᠢᠶᠡᠨ ᠤ ᠱᠠᠭᠠᠷᠳᠠᠯᠭ᠎ᠠ ᠨᠢ ᠰᠦ ᠰᠠᠯᠭᠠᠬᠤ ᠠᠴᠠ ᠡᠮᠦᠨᠡᠬᠢ ᠠᠴᠠ ᠦᠨᠳᠦᠷ | ᠪᠠᠶᠢᠳᠠᠭ᠃ ᠬᠡᠳᠦᠨ ᠡᠳᠦᠷ ᠤᠨ ᠳᠠᠷᠠᠭ᠎ᠠ ᠲᠤᠷᠤᠢ ᠲᠡᠵᠢᠭᠡᠯ ᠪᠤᠳᠤᠭ᠎ᠠ ᠳᠠᠭᠠᠨ ᠳᠠᠰᠴᠣ ᠢᠳᠡᠰᠢᠯᠡᠬᠦ ᠬᠡᠮᠵᠢᠶ᠎ᠡ ᠨᠢ | ᠠᠭᠠᠵᠢᠮ ᠢᠶᠠᠷ ᠨᠡᠮᠡᠭᠳᠡᠬᠦ ᠦᠶ᠎ᠡ ᠳᠤ ᠤᠷᠴᠢᠨ ᠲᠤᠭᠤᠷᠢᠨ ᠤ ᠳᠤᠯᠠᠭᠠᠨ ᠤ ᠬᠡᠮᠵᠢᠶ᠎ᠡ ᠶᠢ ᠨᠢ ᠪᠠᠭ᠎ᠠ ᠪᠠᠭᠤᠷᠠᠭᠤᠯᠵᠤ | ᠪᠤᠯᠤᠨ᠎ᠠ᠃ ᠲᠤᠷᠤᠢ ᠶᠢᠨ ᠬᠠᠰᠢᠶ᠎ᠠ ᠰᠠᠷᠠᠪᠴᠢ ᠶᠢ ᠡᠷᠬᠡᠪᠰᠢ ᠬᠠᠭᠤᠷᠠᠢ ᠪᠥᠭᠡᠳ ᠴᠡᠪᠡᠷᠬᠡᠨ ᠪᠠᠶᠢᠯᠭᠠᠵᠤ᠂ ᠬᠤᠯᠠᠭᠠᠢ | ᠰᠠᠯᠬᠢ ᠠᠴᠠ ᠬᠢᠴᠢᠶᠡᠬᠦ ᠬᠡᠷᠡᠭᠲᠡᠢ᠃ | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ |