【ᠠᠳᠣᠭᠤ ᠮᠠᠯ ᠤᠨ ᠲᠠᠮᠠᠭ᠎ᠠ 】ᠭᠠᠯ ᠲᠠᠮᠠᠭ᠎ᠠ
ᠨᠡᠶᠢᠲᠡᠯᠡᠭᠰᠡᠨ ᠴᠠᠭ᠄
2021/5/26
     ᠪᠠᠯᠠᠷ ᠡᠷᠲᠡᠨ ᠤ ᠦᠶ᠎ᠡ ᠳᠤ ᠮᠡᠨ ᠤ ᠡᠪᠦᠭᠡ ᠳᠡᠭᠡᠳᠦᠰ ᠠᠭᠠᠷ ᠲᠡᠭᠷᠢ ᠶᠢᠨ ᠠᠯᠲᠠᠨ ᠨᠠᠷᠠᠨ ᠤ ᠭᠡᠷᠡᠯ ᠳᠤ ᠢᠪᠡᠭᠲᠡᠨ᠂ ᠠᠷᠢᠭᠤᠨ ᠲᠤᠩᠭᠠᠯᠠᠭ ᠰᠠᠷᠠᠨ ᠤ ᠲᠤᠶᠠᠭᠠᠨ ᠳᠤ ᠭᠡᠶᠢᠭᠦᠯᠦᠭᠳᠡᠵᠦ᠂ ᠠᠭᠤᠢ ᠤᠷᠤᠴᠠ ᠳᠠᠭᠠᠨ ᠭᠠᠯ ᠤᠨ ᠢᠯᠴᠢ ᠶᠢᠨ ᠲᠦᠰᠢᠭᠯᠡᠨ ᠠᠮᠢᠳᠤᠷᠠᠵᠤ ᠪᠠᠶᠢᠭᠰᠠᠨ ᠪᠢᠯᠡ᠃      ᠨᠠᠰᠤᠲᠠᠶᠢᠴᠤᠳ ︽ᠡᠷᠲᠡ ᠴᠠᠭ ᠲᠤ᠂ ᠮᠣᠩᠭᠤᠯ ᠤᠨ ᠨᠢᠭᠡᠨ ᠬᠦᠮᠦᠨ᠂ ᠤᠶᠤᠨ ᠨᠡᠷᠡᠲᠡᠢ ᠳᠠᠷᠬᠠᠨ ᠠᠭᠤᠯᠠ ᠬᠠᠳᠠᠨ ᠠᠴᠠ ᠴᠠᠬᠢᠭᠤᠷ ᠠᠪᠤᠭᠠᠳ᠂ ᠤᠯᠠ ᠭᠡᠳᠡᠭ ᠡᠪᠡᠰᠦ ᠪᠠᠷ ᠤᠯᠠᠪᠴᠢ ᠶᠢ ᠬᠠᠲᠠᠭᠠᠨ᠂ ᠲᠤᠭᠲᠠᠮᠠᠯ ᠨᠡᠷᠡᠲᠡᠢ ᠪᠠᠭᠠᠲᠤᠷ ᠨᠢ ᠲᠤᠰᠤᠨ ᠠᠪᠴᠤ ᠴᠣᠬᠢᠭᠠᠳ᠂ ᠳᠣᠯᠣᠭᠠᠨ ᠬᠡᠰᠡᠭ ᠭᠠᠯ ᠳᠦᠷᠡᠯᠵᠡᠨ ᠨᠤᠴᠤᠪᠠ ᠭᠡᠨ᠎ᠡ᠂ ᠡᠨᠡ ᠬᠦ ᠭᠠᠯ ᠤᠨ ᠳᠦᠯᠦ ᠠᠴᠠ ᠠᠮᠢᠯᠠᠯ ᠬᠦᠭᠵᠢᠯ ᠪᠣᠯᠣᠭᠠᠳ ᠭᠠᠯ ᠭᠤᠯᠤᠮᠲᠠ ᠭᠡᠭᠴᠢ ᠡᠭᠦᠰᠦᠨ ᠭᠠᠯ ᠤᠨ ᠳᠣᠯᠠᠭᠠᠨ ᠤ ᠢᠯᠴᠢ ᠭᠤᠯᠤᠮᠲᠠ ᠡᠬᠡ ᠪᠣᠯᠪᠠ︾ ᠭᠡᠵᠦ ᠬᠠᠭᠤᠴᠢᠯᠠᠳᠠᠭ᠃      ᠭᠠᠯ ᠨᠢ ᠮᠣᠩᠭᠤᠯᠴᠣᠳ ᠤᠨ ᠬᠠᠮᠤᠭ ᠤᠨ ᠡᠷᠬᠢᠮ ᠬᠦᠨᠳᠦ ᠰᠢᠲᠦᠯᠭᠡ ᠪᠤᠯᠤᠭᠰᠠᠨ ᠤ ᠬᠤᠪᠢ ᠳᠤ ᠬᠤᠵᠢᠮ  ᠨᠢ ᠲᠠᠪᠤᠨ ᠬᠤᠰᠢᠭᠤ ᠮᠠᠯ ᠤᠨ ᠲᠠᠮᠠᠭᠠᠨ ᠳᠤ ᠲᠤᠰᠬᠠᠯ ᠤᠯᠤᠭᠰᠠᠨ ᠪᠠᠶᠢᠨ᠎ᠠ᠃ ᠮᠤᠩᠭᠤᠯᠴᠤᠳ ᠮᠠᠯᠵᠢᠯ ᠠᠮᠢᠳᠤᠷᠠᠯ ᠤᠨ ᠳᠣᠮᠳᠠ ᠪᠠᠨ ᠮᠠᠰᠢ ᠤᠯᠠᠨ ᠭᠠᠯ ᠤᠨ ᠳᠦᠷᠰᠦ ᠲᠠᠢ ᠲᠠᠮᠠᠭ᠎ᠠ ᠶᠢ ᠦᠢᠯᠡᠳᠴᠦ ᠲᠠᠪᠤᠨ ᠬᠤᠰᠢᠭᠤ ᠮᠠᠯ ᠢᠶᠠᠨ ᠲᠠᠮᠠᠭᠠᠯᠠᠨ᠂ ᠮᠠᠯ ᠰᠦᠷᠦᠭ ᠤᠨ ᠢᠶᠠᠨ ᠭᠠᠯ ᠮᠡᠲᠦ ᠪᠠᠳᠠᠷᠠᠨ ᠬᠦᠭᠵᠢᠬᠦ ᠶᠢ ᠪᠡᠯᠭᠡᠳᠡᠬᠦ ᠶᠢᠨ ᠬᠠᠮᠲᠤ ᠭᠤᠯᠤᠮᠲᠠ ᠡᠬᠡ ᠶᠢᠨ ᠬᠠᠯᠠᠭᠤᠨ ᠳᠤᠯᠠᠭᠠᠨ ᠢᠯᠴᠢᠨ ᠳᠤ ᠠᠮᠤᠷ ᠵᠢᠷᠭᠠᠯ ᠲᠠᠢ ᠪᠠᠷ ᠠᠵᠤ ᠲᠦᠷᠦᠨ ᠠᠮᠢᠳᠤᠷᠠᠬᠤ ᠶᠢ ᠵᠦᠩᠨᠡᠨ ᠬᠦᠰᠡᠳᠡᠭ᠃ ᠮᠣᠩᠭᠤᠯᠴᠣᠳ ᠤᠨ ᠬᠡᠷᠡᠭᠯᠡᠵᠦ ᠪᠠᠶᠢᠭ᠎ᠠ ᠤᠯᠠᠨ ᠠᠷᠪᠢᠨ ᠲᠠᠮᠠᠭ᠎ᠠ ᠶᠢᠨ ᠳᠤᠲᠤᠷ᠎ᠠ ᠭᠠᠯ ᠲᠠᠮᠠᠭ᠎ᠠ ᠶᠢᠨ ᠪᠠᠶᠢᠷᠢ ᠰᠠᠭᠤᠷᠢ ᠮᠠᠰᠢ ᠦᠨᠳᠦᠷ ᠪᠠᠶᠢᠵᠣ ᠶᠡᠭᠡ ᠦᠷᠭᠡᠨ ᠬᠡᠪᠴᠢᠶ᠎ᠡ ᠪᠠᠷ ᠬᠡᠷᠡᠭᠯᠡᠭᠳᠡᠵᠦ ᠪᠠᠶᠢᠭᠰᠠᠨ ᠶᠤᠮ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号