︵ᠨᠢᠭᠡ︶ ᠬᠤᠨᠤᠭ ᠤᠨ ᠪᠤᠷᠳᠤᠭᠠᠨ ᠤ ᠰᠤᠯᠢᠭᠳᠠᠯ᠃ ᠴᠤᠷᠪᠠᠭ᠎ᠠ ᠶᠢᠨ ᠬᠤᠭᠤᠴᠠᠭᠠᠨ ᠠᠴᠠ | ᠪᠤᠶᠢᠵᠢᠭᠤᠯᠤᠯᠲᠠ ᠶᠢᠨ ᠬᠤᠭᠤᠴᠠᠭᠠᠨ ᠳᠤ ᠰᠢᠯᠵᠢᠨ ᠤᠷᠤᠬᠤ ᠦᠶ᠎ᠡ ᠶᠢᠨ ᠪᠤᠷᠳᠤᠭ᠎ᠠ ᠶᠢ ᠰᠤᠯᠢᠵᠦ ᠲᠤᠬᠢᠷᠠᠭᠤᠯᠬᠤ | ᠪᠤᠯ ᠶᠡᠭᠡ ᠴᠢᠬᠤᠯᠠ ᠡᠷᠬᠢᠯᠲᠡ ᠪᠤᠯᠬᠤ ᠶᠤᠮ᠃ 3 ~ 7 ᠭᠠᠷᠠᠭ ᠨᠠᠰᠤᠲᠠᠢ ᠴᠤᠷᠪᠠᠭ᠎ᠠ ᠶᠢᠨ 1 ~ 2 ᠡᠳᠦᠷ ᠲᠤ᠂ | 2 / 3 ᠶᠢᠨ ᠴᠤᠷᠪᠠᠭ᠎ᠠ ᠶᠢᠨ ᠬᠤᠭᠤᠴᠠᠭᠠᠨ ᠤ ᠪᠤᠷᠳᠤᠭ᠎ᠠ ᠪᠤᠯᠤᠨ 1 / 3 ᠶᠢᠨ ᠪᠤᠶᠢᠵᠢᠭᠤᠯᠤᠯᠲᠠ ᠶᠢᠨ | ᠬᠤᠭᠤᠴᠠᠭᠠᠨ ᠤ ᠪᠤᠷᠳᠤᠭ᠎ᠠ ᠶᠢ ᠬᠤᠯᠢᠵᠦ ᠲᠡᠵᠢᠭᠡᠨ᠎ᠡ᠃ 3 ~ 4 ᠳ᠋ᠦ᠋ᠭᠡᠷ ᠡᠳᠦᠷ ᠲᠤ 1 / 2 ᠶᠢᠨ ᠴᠤᠷᠪᠠᠭ᠎ᠠ ᠶᠢᠨ | ᠬᠤᠭᠤᠴᠠᠭᠠᠨ ᠤ ᠪᠤᠷᠳᠤᠭ᠎ᠠ ᠶᠢ ᠬᠤᠯᠢᠨ ᠲᠡᠵᠢᠭᠡᠵᠦ᠂ 5 ~ 6 ᠳ᠋ᠤᠭᠠᠷ ᠡᠳᠦᠷ ᠲᠤ 1 / 3 ᠶᠢᠨ ᠴᠤᠷᠪᠠᠭ᠎ᠠ ᠶᠢᠨ | ᠬᠤᠭᠤᠴᠠᠭᠠᠨ ᠤ ᠪᠤᠷᠳᠤᠭ᠎ᠠ ᠪᠤᠯᠤᠨ 2 / 3 ᠤᠨ ᠪᠤᠶᠢᠵᠢᠭᠤᠯᠤᠯᠲᠠ ᠶᠢᠨ ᠬᠤᠭᠤᠴᠠᠭᠠᠨ ᠤ ᠪᠤᠷᠳᠤᠭ᠎ᠠ ᠶᠢ ᠬᠤᠯᠢᠵᠦ | ᠲᠡᠵᠢᠭᠡᠭᠰᠡᠭᠡᠷ ᠬᠠᠮᠤᠭ ᠰᠡᠭᠦᠯ ᠳᠤᠨᠢ ᠴᠦᠮ ᠪᠤᠶᠢᠵᠢᠭᠤᠯᠤᠯᠲᠠ ᠶᠢᠨ ᠬᠤᠭᠤᠴᠠᠭᠠᠨ ᠤ ᠪᠤᠷᠳᠤᠭ᠎ᠠ ᠪᠠᠷ ᠲᠡᠵᠢᠭᠡᠨ᠎ᠡ᠃ | ︵ᠬᠤᠶᠠᠷ︶ ᠪᠤᠷᠳᠤᠭ᠎ᠠ ᠰᠤᠯᠢᠬᠤ ᠳᠤ ᠪᠡᠶ᠎ᠡ ᠶᠢᠨ ᠬᠦᠨᠳᠦ ᠪᠠ ᠮᠡᠬᠦᠷᠬᠡᠢ ᠶᠢᠨ ᠤᠷᠲᠤ ᠶᠢᠨ | ᠦᠵᠡᠭᠦᠯᠦᠯᠭᠡ ᠪᠠᠷ ᠪᠠᠷᠢᠮᠵᠢᠶ᠎ᠠ ᠪᠤᠯᠭᠠᠨ᠎ᠠ᠃ ᠳᠠᠷᠤᠢ 6 ᠭᠠᠷᠠᠭ ᠨᠠᠰᠤᠨ ᠤ ᠰᠡᠭᠦᠯᠴᠢ ᠦᠶ᠎ᠡ ᠶᠢᠨ ᠪᠡᠶ᠎ᠡ ᠶᠢᠨ ᠬᠦᠨᠳᠦ | ᠪᠠ ᠮᠡᠬᠦᠷᠬᠡᠢ ᠶᠢᠨ ᠤᠷᠲᠤ ᠶᠢ ᠲᠤᠰ ᠲᠤᠰ ᠪᠠᠶᠢᠴᠠᠭᠠᠵᠦ ᠪᠠᠷᠢᠮᠵᠢᠶᠠᠨ ᠳᠤ ᠬᠦᠷᠦᠭᠰᠡᠨ ᠡᠰᠡᠬᠦ ᠶᠢ ᠦᠵᠡᠨ᠎ᠡ᠂ ᠬᠡᠷᠪᠡ | ᠬᠦᠷᠦᠭᠰᠡᠨ ᠦᠭᠡᠢ ᠪᠤᠯ 7 ᠭᠠᠷᠠᠭ ᠨᠠᠰᠤᠨ ᠳᠤ ᠬᠦᠷᠦᠭᠰᠡᠨ ᠤ ᠰᠡᠭᠦᠯᠡᠷ ᠰᠠᠶ᠋ᠢ ᠪᠤᠷᠳᠤᠭ᠎ᠠ ᠶᠢ ᠨᠢ ᠰᠤᠯᠢᠨ᠎ᠠ᠃ | ︵ᠭᠤᠷᠪᠠ︶ ᠲᠡᠵᠢᠭᠡᠬᠦ ᠬᠡᠮᠵᠢᠶ᠎ᠡ ᠶᠢ ᠬᠢᠵᠠᠭᠠᠷᠯᠠᠬᠤ᠃ ᠲᠠᠬᠢᠶᠠᠨ ᠤ ᠪᠥᠢᠵᠢᠭᠤᠯᠤᠯᠲᠠ ᠶᠢᠨ ᠬᠤᠭᠤᠴᠠᠭᠠᠨ ᠳᠤ | ᠬᠤᠵᠢᠮ ᠤᠨ ᠦᠨᠳᠡᠭᠡ ᠶᠢᠨ ᠭᠠᠷᠤᠯᠲᠠ ᠶᠢ ᠨᠦᠯᠦᠭᠡᠯᠡᠬᠦ ᠠᠴᠠ ᠬᠢᠴᠢᠶᠡᠵᠦ ᠲᠡᠵᠢᠭᠡᠬᠦ ᠬᠡᠮᠵᠢᠶ᠎ᠡ ᠶᠢ ᠬᠢᠵᠠᠭᠠᠷᠯᠠᠳᠠᠭ᠃ | 1.ᠲᠡᠵᠢᠭᠡᠬᠦ ᠬᠡᠮᠵᠢᠶ᠎ᠡ ᠶᠢ ᠬᠢᠵᠠᠭᠠᠷᠯᠠᠬᠤ ᠵᠤᠷᠢᠯᠭ᠎ᠠ᠃ ① 6 ᠭᠠᠷᠠᠭ ᠨᠠᠰᠤᠨ ᠳᠤ ᠬᠦᠷᠦᠭᠰᠡᠨ ᠲᠠᠬᠢᠶ᠎ᠠ ᠶᠢ | ᠡᠬᠢᠯᠡᠵᠦ ᠪᠡᠶ᠎ᠡ ᠶᠢᠨ ᠬᠦᠨᠳᠦ ᠶᠢ ᠨᠢ ᠬᠢᠵᠠᠭᠠᠷᠯᠠᠨ᠎ᠠ᠃ ② ᠦᠭᠡᠭᠦᠨ ᠤ ᠬᠠᠳᠠᠭᠠᠯᠠᠯᠲᠠ ᠶᠢ ᠪᠠᠷᠢᠮᠵᠢᠶᠠᠨ ᠳᠤ | ᠨᠡᠶᠢᠴᠡᠭᠦᠯᠦᠨ ᠦᠨᠳᠡᠭᠡᠨ ᠤ ᠭᠠᠷᠤᠯᠲᠠ ᠶᠢᠨ ᠦᠷᠭᠦᠯᠵᠢᠯᠡᠯ ᠢ ᠪᠠᠲᠤᠯᠠᠨ᠎ᠠ᠃ ③ ᠴᠡᠪᠡᠷ ᠴᠢᠬᠢᠷᠠᠭ ᠪᠡᠶ᠎ᠡ ᠪᠢᠯᠳᠡᠷ | ᠲᠠᠢ ᠪᠤᠶᠢᠵᠢᠭᠤᠯᠤᠯᠲᠠ ᠶᠢᠨ ᠲᠠᠬᠢᠶ᠎ᠠ ᠶᠢ ᠪᠤᠢ ᠪᠤᠯᠭᠠᠨ᠎ᠠ᠃ ④ ᠪᠡᠯᠭᠡ ᠨᠢ ᠡᠷᠲᠡ ᠪ᠊ ᠤᠯᠪᠠᠰᠦᠷᠠᠬᠤ ᠠᠴᠠ | ᠵᠠᠶᠢᠯᠡᠰᠬᠢᠵᠦ᠂ ᠦᠨᠳᠡᠭᠡᠯᠡᠬᠦ ᠦᠶ᠎ᠡ ᠶᠢᠨ ᠦᠨᠳᠡᠭᠡᠨ ᠤ ᠴᠢᠨᠠᠷ ᠢ ᠪᠠᠲᠤᠯᠠᠨ᠎ᠠ᠃ ⑤ ᠦᠨᠳᠡᠭᠡᠯᠡᠬᠦ ᠬᠤᠭᠤᠴᠠᠭᠠᠨ ᠳᠠᠬᠢ | ᠲᠠᠬᠢᠶᠠᠨ ᠤ ᠬᠤᠬᠢᠷᠠᠵᠦ ᠰᠦᠢᠳᠬᠦ ᠨᠤᠷᠮ᠎ᠠ ᠶᠢ ᠪᠠᠭᠠᠰᠬᠠᠨ᠎ᠠ᠃ ⑥ ᠪᠤᠷᠳᠤᠭ᠎ᠠ ᠠᠷᠪᠢᠯᠠᠨ᠎ᠠ᠃ | 2.ᠲᠡᠵᠢᠭᠡᠬᠦ ᠬᠡᠮᠵᠢᠶ᠎ᠡ ᠶᠢ ᠬᠢᠵᠠᠭᠠᠷᠯᠠᠬᠤ ᠠᠷᠭ᠎ᠠ᠃ ᠤᠳᠤᠬᠠᠨ ᠳᠤ ᠭᠤᠤᠯᠳᠠᠭᠤ ᠲᠠᠬᠢᠶᠠᠨ ᠤ ᠢᠳᠡᠰᠢᠨ ᠤ | ᠬᠡᠮᠵᠢᠶ᠎ᠡ ᠶᠢ ᠬᠢᠵᠠᠭᠠᠷᠯᠠᠬᠤ ᠠᠷᠭ᠎ᠠ ᠶᠢ ᠠᠪᠴᠦ ᠪᠤᠢ᠃ ᠡᠨᠡ ᠠᠷᠭ᠎ᠠ ᠶᠢ ᠬᠡᠷᠡᠭᠯᠡᠬᠦ ᠳᠤ ᠡᠷᠬᠡᠪᠰᠢ ᠲᠠᠬᠢᠶᠠᠨ ᠤ ᠬᠡᠪ ᠤᠨ | ᠢᠳᠡᠰᠢᠯᠡᠬᠦ ᠬᠡᠮᠵᠢᠶ᠎ᠡ ᠶᠢ ᠮᠡᠳᠡᠭᠰᠡᠨ ᠪᠠᠶᠢᠬᠤ ᠬᠡᠷᠡᠭᠲᠡᠢ᠃ ᠪᠤᠲᠠᠲᠠᠢ ᠬᠡᠷᠡᠭᠵᠢᠬᠦᠯᠬᠦ ᠦᠶ᠎ᠡ ᠳᠤ ᠴᠤᠷᠪᠠᠭ᠎ᠠ ᠶᠢᠨ | ᠨᠡᠪᠴᠢᠭᠰᠡᠨ ᠴᠠᠭ᠂ ᠭᠠᠷᠠᠭ ᠨᠠᠰᠤ ᠪᠠ ᠪᠠᠷᠢᠮᠵᠢᠶᠠᠲᠦ ᠲᠡᠵᠢᠭᠡᠬᠦ ᠬᠡᠮᠵᠢᠶ᠎ᠡ ᠶᠢ ᠮᠡᠳᠡᠵᠦ ᠠᠪᠤᠭᠠᠳ ᠢᠳᠡᠰᠢ | ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠤᠭᠲᠠᠭᠠᠳᠠᠭ᠃ ᠡᠨᠡ ᠠᠷᠭ᠎ᠠ ᠶᠢ 7~ 8 ᠭᠠᠷᠠᠭ ᠨᠠᠰᠤᠨ ᠠᠴᠠ ᠡᠬᠢᠯᠡᠵᠦ | ᠬᠡᠷᠡᠭᠵᠢᠭᠦᠯᠵᠦ ᠪᠤᠯᠤᠨ᠎ᠠ᠃ ᠭᠡᠬᠦ ᠳᠡᠭᠡᠨ ᠬᠤᠨᠤᠭ ᠤᠨ ᠪᠤᠷᠳᠤᠭᠠᠨ ᠤ ᠴᠢᠨᠠᠷ ᠢ ᠡᠷᠬᠡᠪᠰᠢ ᠪᠠᠲᠦᠯᠠᠬᠤ ᠬᠡᠷᠡᠭᠲᠡᠢ᠃ | ᠬᠡᠷᠪᠡ ᠬᠡᠮᠵᠢᠶ᠎ᠡ ᠨᠢ ᠪᠠᠭ᠎ᠠ ᠳᠡᠭᠡᠷ᠎ᠡ ᠪᠠᠨ ᠴᠢᠨᠠᠷ ᠨᠢ ᠪᠠᠰᠠ ᠮᠠᠭᠤ ᠪᠤᠯᠪᠠᠯ ᠤᠷᠪᠠᠭᠤ ᠦᠢᠯᠡᠳᠦᠯ ᠦᠵᠡᠭᠦᠯᠬᠦ | ᠪᠤᠯᠤᠨ᠎ᠠ᠃ | 3.ᠲᠡᠵᠢᠭᠡᠬᠦ ᠶᠢ ᠬᠢᠵᠠᠭᠠᠷᠯᠠᠬᠤ ᠳᠤ ᠠᠩᠬᠠᠷᠬᠤ ᠵᠦᠢᠯ᠃ ① ᠲᠠᠬᠢᠶᠠᠨ ᠤ ᠡᠭᠦᠯᠳᠡᠷ᠂ ᠨᠡᠪᠴᠢᠭᠰᠡᠨ ᠴᠠᠭ᠂ | ᠪᠠᠶᠢᠷᠢ ᠶᠢᠨ ᠬᠡᠯᠪᠡᠷᠢ ᠵᠢᠴᠢ ᠪᠤᠷᠳᠤᠭᠠᠨ ᠤ ᠨᠦᠬᠦᠴᠡᠯ ᠵᠡᠷᠭᠡ ᠶᠢ ᠦᠨᠳᠦᠰᠦᠯᠡᠨ ᠲᠤᠬᠠᠢ ᠶᠢᠨ ᠪᠠᠶᠢᠳᠠᠯ ᠳᠤᠨᠢ | ᠵᠤᠬᠢᠴᠠᠭᠤᠯᠵᠦ ᠲᠡᠵᠢᠭᠡᠯ ᠢ ᠨᠢ ᠬᠢᠵᠠᠭᠠᠷᠯᠠᠬᠤ ᠶᠢ ᠵᠦᠪ ᠤᠨᠤᠪᠴᠢᠲᠠᠢ ᠬᠡᠷᠡᠭᠵᠢᠭᠦᠯᠦᠨ᠎ᠡ᠃ ᠠᠳᠠᠯᠢ ᠪᠤᠰᠤ ᠭᠠᠷᠠᠭ | ᠨᠠᠰᠤᠨ ᠤ ᠲᠠᠬᠢᠶᠠᠨ ᠰᠦᠷᠦᠭ ᠤᠨ ᠲᠤᠭ᠎ᠠ ᠶᠢ ᠨᠠᠷᠢᠨ ᠠᠪᠴᠦ᠂ ᠦᠭᠬᠦ ᠪᠤᠷᠳᠤᠭ᠎ᠠ ᠪᠠᠨ ᠤᠨᠤᠪᠴᠢᠲᠠᠢ ᠵᠢᠩᠯᠡᠵᠦ | ᠪᠡᠯᠡᠳᠬᠡᠨ᠎ᠡ᠃ ᠲᠠᠬᠢᠶᠠᠨ ᠰᠦᠷᠦᠭ ᠢ ᠠᠳᠠᠯᠢ ᠨᠢᠭᠡᠨ ᠴᠠᠭ ᠲᠤ ᠠᠳᠠᠯᠢ ᠪᠤᠷᠳᠤᠭ᠎ᠠ ᠪᠠᠷ ᠲᠡᠵᠢᠭᠡᠬᠦ ᠶᠢ ᠪᠠᠷᠢᠮᠳᠠᠯᠠᠨ᠎ᠠ᠃ | ᠮᠠᠰᠢᠨ ᠢᠶᠠᠷ ᠲᠡᠵᠢᠭᠡᠭᠰᠡᠨ ᠴᠦ ᠲᠡᠷᠡ᠂ ᠡᠩ ᠤᠨ ᠲᠡᠵᠢᠭᠡᠬᠦ ᠰᠠᠪᠠᠨ ᠳᠤ ᠲᠡᠵᠢᠭᠡᠭᠰᠡᠨ ᠴᠦ ᠲᠡᠷᠡ᠂ ᠲᠡᠵᠢᠭᠡᠬᠦ ᠠᠴᠠ | ᠡᠮᠦᠨ᠎ᠡ ᠲᠡᠵᠢᠭᠡᠯ ᠪᠤᠷᠳᠤᠭᠠᠨ ᠤ ᠤᠩᠭᠤᠴᠠ ᠶᠢ ᠳᠦᠭᠦᠷᠭᠡᠵᠦ ᠲᠠᠯᠪᠢᠨ᠂ ᠲᠠᠬᠢᠶᠠᠳ ᠤᠨ ᠵᠢᠭᠳᠡ ᠪᠤᠰᠤ | ᠢᠳᠡᠰᠢᠯᠡᠬᠦ ᠠᠴᠠ ᠰᠡᠷᠭᠡᠶᠢᠯᠡᠬᠦ ᠬᠡᠷᠡᠭᠲᠡᠢ᠃ ② ᠲᠠᠬᠢᠶᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠴᠠᠭ ᠲᠤᠬᠠᠢ | ᠳᠤᠨᠢ ᠬᠢᠨ᠎ᠡ᠃ ᠲᠠᠬᠢᠶ᠎ᠠ ᠶᠢ ᠰᠦᠷᠦᠭ ᠰᠢᠯᠵᠢᠭᠦᠯᠦᠭᠰᠡᠨ᠂ ᠬᠤᠯᠡ ᠵᠦᠭᠡᠭᠡᠪᠦᠷᠢᠯᠡᠭᠰᠡᠨ᠂ ᠡᠪᠡᠳᠴᠢᠨ ᠬᠢᠵᠢᠭ | ᠳᠡᠯᠭᠡᠷᠡᠵᠦ ᠰᠡᠲᠦᠯᠲᠡ ᠤᠯᠤᠭᠰᠠᠨ ᠪᠠᠶᠢᠳᠡᠯ ᠳᠤᠤᠷ᠎ᠠ ᠲᠡᠵᠢᠭᠡᠬᠦ ᠶᠢ ᠬᠢᠵᠠᠭᠠᠷᠯᠠᠬᠤ ᠲᠦᠰᠦᠪ ᠢᠶᠠᠨ ᠦᠭᠡᠷᠡᠴᠢᠯᠡᠵᠦ᠂ | ᠬᠡᠪ ᠤᠨ ᠪᠠᠶᠢᠳᠡᠯ ᠨᠢ ᠰᠡᠷᠭᠦᠭᠰᠡᠨ ᠤ ᠰᠡᠭᠦᠯᠡᠷ ᠰᠠᠶ᠋ᠢ ᠲᠡᠵᠢᠭᠡᠬᠦ ᠶᠢ ᠨᠢ ᠬᠢᠵᠠᠭᠠᠷᠯᠠᠨ᠎ᠠ᠃ ③ ᠬᠢᠵᠠᠭᠠᠷᠯᠠᠭᠰᠠᠨ | ᠲᠠᠬᠢᠶ᠎ᠠ ᠶᠢ ᠬᠢᠵᠠᠭᠠᠷᠯᠠᠭᠰᠠᠨ ᠦᠭᠡᠢ ᠲᠠᠬᠢᠶ᠎ᠠ ᠶᠢᠨ ᠪᠡᠶ᠎ᠡ ᠶᠢᠨ ᠬᠦᠨᠳᠦ ᠲᠠᠢ ᠬᠠᠷᠢᠴᠠᠭᠤᠯᠪᠠᠯ 10%~ 20% | ᠤᠷᠴᠢᠮ ᠬᠦᠩᠭᠡᠨ ᠪᠠᠶᠢᠳᠠᠭ᠃ ᠬᠡᠷᠪᠡ 30% ᠠᠴᠠ ᠲᠡᠭᠡᠭᠰᠢ ᠬᠦᠩᠭᠡᠨ ᠪᠤᠯᠤᠭᠰᠠᠨ ᠪᠤᠶᠤ 20 ᠭᠠᠷᠠᠭ | ᠪᠤᠯᠤᠭᠰᠠᠨ ᠲᠠᠬᠢᠶᠠᠨ ᠤ ᠳᠤᠮᠳᠠᠴᠢ ᠪᠡᠶ᠎ᠡ ᠶᠢᠨ ᠬᠦᠨᠳᠦ ᠨᠢ 1050 ᠭᠷᠡᠮ ᠠᠴᠠ ᠬᠦᠩᠬᠡᠨ ᠪᠤᠯᠬᠤ ᠳᠤ ᠬᠦᠷᠪᠡᠯ | ᠬᠤᠵᠢᠮ ᠤᠨ ᠦᠨᠳᠡᠭᠡᠯᠡᠬᠦ ᠨᠤᠷᠮ᠎ᠠ ᠨᠢ ᠬᠠᠷᠰᠢᠯᠠᠭᠳᠠᠵᠤ ᠬᠤᠬᠢᠷᠠᠯ ᠤᠨ ᠨᠤᠷᠮ᠎ᠠ ᠨᠢ ᠴᠦ ᠨᠡᠮᠡᠭᠳᠡᠳᠡᠭ᠃ ④ ᠰᠤᠬᠤᠷ | ᠪᠠᠯᠠᠢ ᠪᠠᠷ ᠬᠢᠵᠠᠭᠠᠷᠯᠠᠨ ᠲᠡᠵᠢᠭᠡᠵᠦ ᠪᠤᠯᠬᠤ ᠦᠭᠡᠢ᠂ ᠬᠡᠷᠪᠡ ᠪᠤᠷᠳᠤᠭᠠᠨ ᠤ ᠨᠦᠬᠦᠴᠡᠯ ᠮᠠᠭᠤ᠂ ᠪᠡᠯᠡᠳᠭᠡᠯ ᠲᠠᠬᠢᠶᠠᠨ ᠤ | ᠪᠡᠶ᠎ᠡ ᠶᠢᠨ ᠬᠦᠨᠳᠦ ᠨᠢ ᠬᠦᠩᠭᠡᠨ ᠪᠠᠶᠢᠬᠤ ᠳᠤ ᠬᠦᠷᠪᠡᠯ ᠪᠤᠷᠲᠤᠬᠤ ᠶᠢ ᠬᠢᠵᠠᠭᠠᠷᠯᠠᠵᠦ ᠪᠤᠯᠬᠤ ᠦᠭᠡᠢ᠃ | 4.ᠤᠰᠤᠯᠠᠬᠤ ᠳᠤ ᠠᠩᠬᠠᠷᠬᠤ ᠵᠦᠢᠯ᠃ ᠪᠤᠶᠢᠵᠢᠭᠤᠯᠤᠯᠲᠠ ᠶᠢᠨ ᠬᠤᠭᠤᠴᠠᠭᠠᠨ ᠳᠤ ᠪᠠᠶᠢᠭ᠎ᠠ ᠲᠠᠬᠢᠶ᠎ᠠ | ᠪᠦᠷᠢ ᠶᠢᠨ ᠤᠰᠦ ᠤᠤᠭᠤᠬᠤ ᠦᠶ᠎ᠡ ᠳᠠᠬᠢ ᠪᠠᠶᠢᠷᠢ ᠨᠢ 3 ᠰᠡᠨᠲ᠋ᠢᠮᠧᠲᠷ ᠤᠨ ᠵᠠᠢ ᠲᠠᠢ ᠪᠠᠶᠢᠬᠤ ᠬᠡᠷᠡᠭᠲᠡᠢ᠃ | ᠤᠰᠤᠨ ᠤ ᠠᠷᠢᠭᠤᠨ ᠴᠡᠪᠡᠷ ᠢ ᠠᠩᠬᠠᠷᠴᠦ᠂ ᠤᠰᠤᠨ ᠤ ᠰᠠᠪᠠ ᠶᠢ ᠡᠳᠦᠷ ᠪᠦᠷᠢ ᠤᠬᠢᠶᠠᠵᠦ᠂ ᠤᠰᠤᠯᠠᠬᠤ ᠭᠠᠵᠠᠷ ᠢ | ᠰᠤᠯᠢᠬᠤ ᠦᠭᠡᠢ᠂ ᠬᠤᠪᠢᠷᠠᠭᠠᠬᠤ ᠦᠭᠡᠢ ᠪᠠᠶᠢᠬᠤ ᠬᠡᠷᠡᠭᠲᠡᠢ᠃ ᠤᠰᠤᠯᠠᠬᠤ ᠬᠡᠮᠵᠢᠶ᠎ᠡ ᠨᠢ ᠢᠳᠡᠰᠢᠯᠡᠭᠰᠡᠨ ᠪᠠᠶᠢᠳᠠᠯ ᠪᠠ | ᠪᠡᠶ᠎ᠡ ᠶᠢᠨ ᠬᠦᠨᠳᠦ ᠲᠠᠢ ᠬᠤᠯᠪᠤᠭᠳᠠᠬᠤ ᠪᠠᠷ ᠪᠠᠷᠠᠬᠤ ᠦᠭᠡᠢ ᠪᠠᠰᠠ ᠠᠭᠠᠷ ᠤᠨ ᠳᠤᠯᠠᠭᠠᠨ ᠤ ᠬᠡᠮᠵᠢᠶ᠎ᠡ ᠲᠠᠢ | ᠬᠤᠯᠪᠤᠭᠳᠠᠳᠠᠭ᠃ ᠡᠶᠢᠮᠦ ᠠᠴᠠ ᠲᠡᠭᠷᠢ ᠬᠠᠯᠠᠭᠤᠨ ᠪᠤᠯ ᠬᠦᠢᠲᠡᠨ ᠤᠰᠦ ᠦᠭᠴᠦ᠂ ᠤᠳᠠᠭ᠎ᠠ ᠪᠦᠷᠢ ᠤᠰᠤ ᠶᠢ ᠨᠢ | ᠰᠤᠯᠢᠵᠦ ᠦᠭᠬᠦ ᠭᠡᠷᠡᠭᠲᠡᠢ᠃ | 5.ᠪᠡᠶ᠎ᠡ ᠶᠢᠨ ᠬᠦᠨᠳᠦ ᠪᠠ ᠵᠢᠭᠲᠡ ᠶᠢᠨ ᠬᠡᠮᠵᠢᠶ᠎ᠡ ᠶᠢ ᠤᠨᠤᠪᠴᠢᠲᠠᠢ ᠬᠡᠮᠵᠢᠬᠦ ᠬᠡᠷᠡᠭᠲᠡᠢ᠃ ᠬᠦᠩᠭᠡᠨ ᠬᠡᠪᠰᠢᠯᠲᠦ | ᠡᠭᠦᠯᠳᠡᠷ ᠤᠨ ᠲᠠᠬᠢᠶ᠎ᠠ ᠶᠢ 6 ᠭᠠᠷᠠᠭ ᠨᠠᠰᠤᠨ ᠠᠴᠠ ᠡᠬᠢᠯᠡᠵᠦ 1 ~ 2 ᠭᠠᠷᠠᠭ ᠠᠯᠤᠰᠯᠠᠬᠤ ᠪᠦᠷᠢ ᠨᠢᠭᠡ ᠤᠳᠠᠭ᠎ᠠ | ᠪᠡᠶ᠎ᠡ ᠶᠢᠨ ᠬᠦᠨᠳᠦ ᠶᠢ ᠨᠢ ᠬᠡᠮᠵᠢᠵᠦ᠂ ᠳᠤᠮᠳᠡ ᠬᠡᠪᠰᠢᠯᠲᠦ ᠡᠭᠦᠯᠳᠡᠷ ᠤᠨ ᠲᠠᠬᠢᠶ᠎ᠠ ᠶᠢ 4 ᠭᠠᠷᠠᠭ ᠨᠠᠰᠤᠨ ᠠᠴᠠ | ᠬᠤᠶᠢᠰᠢ 1 ~ 2 ᠭᠠᠷᠠᠭ ᠠᠯᠤᠰᠯᠠᠬᠤ ᠪᠦᠷᠢ ᠪᠡᠶ᠎ᠡ ᠶᠢᠨ ᠬᠦᠨᠳᠦ ᠶᠢ ᠨᠢ ᠨᠢᠭᠡ ᠤᠳᠠᠭ᠎ᠠ ᠬᠡᠮᠵᠢᠬᠦ ᠬᠡᠷᠡᠭᠲᠡᠢ᠃ | ᠡᠳᠡᠭᠡᠷ ᠨᠢ ᠪᠦᠷ ᠢᠳᠡᠰᠢ ᠶᠢᠨ ᠬᠡᠮᠵᠢᠶ᠎ᠡ ᠶᠢ ᠲᠤᠭᠲᠠᠭᠠᠬᠤ ᠪᠠᠷ ᠵᠤᠷᠢᠯᠭ᠎ᠠ ᠪᠠᠨ ᠪᠤᠯᠭᠠᠳᠠᠭ᠃ ᠬᠡᠷᠪᠡ ᠨᠢᠭᠡ ᠲᠦᠮᠡᠨ | ᠲᠠᠬᠢᠶ᠎ᠠ ᠪᠠᠶᠢᠬᠤ ᠪᠠᠷ ᠵᠢᠱᠢᠶᠡᠯᠡᠵᠦ ᠪᠤᠳᠤᠪᠡᠯ 1% ᠶᠢ ᠨᠢ ᠪᠠᠶᠢᠴᠠᠭᠠᠵᠦ᠂ ᠡᠭᠦᠨ ᠠᠴᠠ ᠴᠦᠬᠡᠨ ᠦᠶᠡᠰ 5% ᠪᠠᠷ | ᠪᠠᠶᠢᠴᠠᠭᠠᠨ᠎ᠠ᠃ ᠭᠡᠬᠦ ᠳᠡᠭᠡᠨ 50 ᠲᠠᠬᠢᠶ᠎ᠠ ᠠᠴᠠ ᠴᠦᠬᠡᠨ ᠪᠠᠶᠢᠵᠦ ᠪᠤᠯᠬᠤ ᠦᠭᠡᠢ᠃ ᠵᠢᠩᠯᠡᠵᠦ ᠪᠠᠶᠢᠴᠠᠭᠠᠬᠤ ᠳᠠᠭᠠᠨ | ᠲᠠᠬᠢᠶᠠᠳ ᠤᠨ ᠲᠤᠲᠤᠷ᠎ᠠ ᠠᠴᠠ ᠲᠦᠯᠦᠭᠡᠯᠡᠬᠦ ᠴᠢᠨᠠᠷ ᠲᠠᠢ ᠶᠢ ᠨᠢ ᠰᠤᠩᠭᠤᠬᠤ ᠪᠠ ᠠᠳᠠᠯᠢ ᠨᠢᠭᠡᠨ ᠴᠠᠭ ᠲᠤ ᠠᠳᠠᠯᠢ | ᠪᠤᠰᠦ ᠰᠦᠷᠦᠭ ᠠᠴᠠ ᠠᠳᠠᠯᠢ ᠪᠤᠰᠤ ᠳᠡᠰ ᠤᠨ ᠲᠠᠬᠢᠶ᠎ᠠ ᠶᠢ ᠰᠤᠩᠭᠤᠵᠦ ᠪᠠᠶᠢᠴᠠᠭᠠᠪᠡᠯ ᠨᠡᠩ ᠤᠨᠤᠪᠴᠢᠲᠠᠢ ᠪᠠᠶᠢᠳᠠᠭ᠃ | | ᠲᠠᠬᠢᠶᠠᠨ ᠰᠦᠷᠦᠭ ᠤᠨ ᠵᠢᠭᠳᠡ ᠶᠢᠨ ᠬᠡᠮᠵᠢᠶ᠎ᠡ ᠭᠡᠳᠡᠭ ᠪᠤᠯ ᠳᠠᠷᠦᠢ ᠰᠦᠷᠦᠭ ᠲᠠᠬᠢ ᠪᠡᠶ᠎ᠡ ᠶᠢᠨ ᠬᠦᠨᠳᠦ ᠨᠢ | ᠳᠤᠮᠳᠠᠴᠢ ᠪᠡᠶ᠎ᠡ ᠶᠢᠨ ᠬᠦᠨᠳᠦ ᠶᠢᠨ± 10% ᠶᠢᠨ ᠬᠡᠪᠴᠢᠶᠡᠨ ᠳᠠᠬᠢ ᠲᠠᠬᠢᠶᠠᠨ ᠤ ᠵᠠᠭᠤᠨ ᠤ ᠬᠠᠷᠢᠴᠠᠯ ᠢ ᠬᠡᠯᠡᠵᠦ | ᠪᠤᠢ᠂ ᠶᠠᠮᠠᠷ ᠨᠢᠭᠡᠨ ᠲᠠᠬᠢᠶᠠᠨ ᠰᠦᠷᠦᠭ ᠤᠨ 10 ᠭᠠᠷᠠᠭ ᠪᠤᠯᠤᠭᠰᠠᠨ ᠦᠶ᠎ᠡ ᠶᠢᠨ ᠪᠡᠶ᠎ᠡ ᠶᠢᠨ ᠬᠦᠨᠳᠦ ᠨᠢ 76 | ᠭᠷᠡᠮ ᠪᠤᠯ ᠡᠨᠡ ᠲᠤᠭᠠᠨ ᠠᠴᠠ ᠭᠡᠲᠦᠷᠡᠭᠰᠡᠨ ᠪᠠ ᠡᠨᠡ ᠲᠤᠭᠠᠨ ᠳᠤ ᠦᠯᠦ ᠬᠦᠷᠬᠦ ᠬᠡᠪᠴᠢᠶ᠎ᠡ ᠨᠢ᠄ | 760 +(760×10%)=836( ᠭᠷᠡᠮ) | 760-(760×10%)=684( ᠭᠷᠡᠮ)ᠪᠤᠯᠤᠨ᠎ᠠ᠃ | 5000 ᠲᠠᠬᠢᠶ᠎ᠠ ᠲᠠᠢ ᠰᠦᠷᠦᠭ ᠤᠨ 5% ᠨᠢ ᠳᠠᠷᠦᠢ 250 ᠲᠠᠬᠢᠶᠠᠨ ᠳᠤᠲᠤᠷ᠎ᠠ ᠪᠡᠶ᠎ᠡ ᠶᠢᠨ ᠬᠦᠨᠳᠦ | ᠨᠢ±10%(836-684g) ᠤᠨ ᠬᠡᠪᠴᠢᠶᠡᠨ ᠳᠤ ᠪᠠᠶᠢᠬᠤ ᠨᠢ 198 ᠪᠠᠶᠢᠵᠦ᠂ ᠪᠦᠬᠦ ᠲᠠᠬᠢᠶᠠᠨ ᠤ | ᠵᠢᠩᠭᠡᠯᠡᠭᠰᠡᠨ ᠬᠦᠨᠳᠦ ᠶᠢᠨ 79.2% ᠢ ᠡᠵᠡᠯᠡᠵᠦ ᠪᠠᠶᠢᠬᠤ ᠶᠢ ᠬᠠᠷᠠᠭᠤᠯᠵᠦ ᠪᠤᠢ᠃ ᠡᠶᠢᠮᠦ ᠠᠴᠠ ᠡᠨᠡ ᠰᠦᠷᠦᠭ | ᠲᠠᠬᠢᠶᠠᠨ ᠤ ᠵᠢᠭᠳᠡ ᠶᠢᠨ ᠬᠡᠮᠵᠢᠶ᠎ᠡ ᠨᠢ ᠳᠠᠷᠦᠢ 79.2% ᠪᠤᠯᠤᠨ᠎ᠠ᠃ ᠵᠢᠭᠳᠡ ᠶᠢᠨ ᠬᠡᠮᠵᠢᠶ᠎ᠡ ᠨᠢ 70% ~ | 76% ᠪᠠᠶᠢᠬᠤ ᠨᠢ ᠬᠢᠷᠢ ᠲᠡᠩᠴᠡᠵᠦ᠂ 77%~ 83% ᠪᠠᠶᠢᠬᠤ ᠨᠢ ᠨᠡᠯᠢᠶᠡᠳ ᠰᠠᠶᠢᠨ᠂ 84% ~ 90% | ᠪᠠᠶᠢᠬᠤ ᠨᠢ ᠲᠤᠩ ᠰᠠᠶᠢᠨ ᠭᠡᠳᠡᠭ ᠢ ᠬᠠᠷᠠᠭᠤᠯᠳᠠᠭ᠃ | ᠲᠠᠬᠢᠶᠠᠨ ᠰᠦᠷᠦᠭ ᠤᠨ ᠵᠢᠭᠳᠡ ᠶᠢᠨ ᠬᠡᠮᠵᠢᠶ᠎ᠡ ᠨᠢ ᠪᠠᠷᠢᠮᠵᠢᠶᠠᠨ ᠳᠤ ᠬᠦᠷᠴᠦ ᠪᠠᠶᠢᠬᠤ ᠪᠤᠯ ᠬᠠᠮᠤᠭ ᠤᠨ | ᠴᠢᠬᠤᠯᠠ ᠶᠤᠮ᠃ ᠪᠠᠷᠢᠮᠵᠢᠶ᠎ᠠ ᠠᠴᠠ ᠰᠠᠯᠤᠭᠰᠠᠨ ᠵᠢᠭᠳᠡ ᠶᠢᠨ ᠬᠡᠮᠵᠢᠶ᠎ᠡ ᠨᠢ ᠶᠠᠮᠠᠷ ᠴᠦ ᠤᠳᠬ᠎ᠠ ᠠᠭᠤᠯᠭ᠎ᠠ ᠦᠭᠡᠢ | ᠪᠠᠶᠢᠳᠠᠭ᠂ ᠪᠡᠶ᠎ᠡ ᠶᠢᠨ ᠬᠦᠨᠳᠦ ᠨᠢ ᠪᠠᠷᠢᠮᠵᠢᠶᠠᠨ ᠳᠤ ᠨᠡᠶᠢᠴᠡᠵᠦ᠂ ᠵᠢᠭᠳᠡ ᠶᠢᠨ ᠬᠡᠮᠵᠢᠶ᠎ᠡ ᠨᠢ ᠦᠨᠳᠦᠷ ᠲᠠᠬᠢᠶᠠᠨ | ᠰᠦᠷᠦᠭ ᠲᠤ ᠲᠤᠭᠠᠴᠠᠭᠳᠠᠳᠠᠭ ᠶᠤᠮ᠃ | |