【ᠠᠳᠣᠭᠤ ᠮᠠᠯ ᠤᠨ ᠲᠠᠮᠠᠭ᠎ᠠ】ᠮᠣᠩᠭᠤᠯ ᠦᠰᠦᠭ ᠤᠨ ᠪᠣᠮ ᠲᠠᠮᠠᠭ᠎ᠠ
ᠨᠡᠶᠢᠲᠡᠯᠡᠭᠰᠡᠨ ᠴᠠᠭ᠄
2021/7/21
     ᠤᠶᠢᠷ᠎ᠡ ᠦᠶ᠎ᠡ ᠳᠤ ᠢᠷᠡᠭᠡᠳ ᠮᠣᠩᠭᠤᠯᠴᠤᠳ ᠮᠣᠩᠭᠤᠯ ᠦᠰᠦᠭ ᠢ ᠠᠰᠢᠭᠯᠠᠨ ᠮᠣᠩᠭᠤᠯ ᠦᠰᠦᠭ ᠤᠨ ᠪᠣᠮ ᠲᠠᠮᠠᠭ᠎ᠠ ᠶᠢ ᠵᠣᠬᠢᠶᠠᠨ ᠦᠢᠯᠡᠳᠴᠦ ᠲᠠᠪᠤᠨ ᠬᠤᠰᠢᠭᠤ ᠮᠠᠯ ᠳᠠᠭᠠᠨ ᠬᠡᠷᠡᠭᠯᠡᠬᠦ ᠪᠣᠯᠣᠭᠰᠠᠨ ᠪᠠᠶᠢᠨ᠎ᠠ᠃      ᠮᠣᠩᠭᠤᠯ ᠦᠰᠦᠭ ᠤᠨ ᠪᠣᠮ ᠲᠠᠮᠠᠭ᠎ᠠ ᠳᠤ ᠬᠤᠶᠠᠷ ᠵᠦᠢᠯ ᠤᠨ ᠰᠠᠨᠠᠭ᠎ᠠ ᠠᠭᠤᠯᠤᠭᠳᠠᠵᠤ ᠪᠠᠶᠢᠳᠠᠭ᠃ ᠨᠢᠭᠡ  ᠨᠢ ᠮᠠᠯ ᠤᠨ ᠰᠦᠷᠦᠭ ᠤᠨ ᠢᠶᠠᠨ ᠦᠨᠢᠷ ᠦᠰᠬᠦ ᠶᠢ ᠪᠡᠯᠭᠡᠳᠡᠭᠰᠡᠨ ᠪᠠᠶᠢᠵᠤ᠂ ᠨᠦᠭᠦᠭᠡ ᠨᠢ ᠮᠠᠯ ᠰᠦᠷᠦᠭ ᠦᠷᠡᠵᠢᠨ ᠦᠰᠦᠭᠡᠳ ᠨᠢᠭᠡᠨᠲᠡ ᠲᠦᠮᠡ ᠶᠢᠨ ᠲᠤᠭᠠᠨ ᠠᠴᠠ ᠬᠡᠲᠦᠷᠡᠭᠰᠡᠨ ᠢ ᠳᠤᠷᠠᠰᠬᠠᠵᠤ᠂ ᠮᠠᠯ ᠰᠦᠷᠦᠭ ᠲᠡᠭᠡᠨ ᠪᠣᠮ ᠤᠨ ᠲᠠᠮᠠᠭ᠎ᠠ ᠳᠠᠷᠣᠵᠣ ᠬᠤᠶᠢᠰᠢᠲᠠ ᠨᠡᠩ ᠦᠷᠨᠢᠭᠦᠨ ᠢᠶᠠᠷ ᠦᠷᠡᠵᠢᠨ ᠦᠰᠬᠦ ᠶᠢ ᠪᠡᠯᠭᠡᠳᠡᠭᠰᠡᠨ ᠪᠠᠶᠢᠳᠠᠭ᠃ ᠮᠣᠩᠭᠤᠯ ᠦᠰᠦᠭ ᠤᠨ ᠪᠣᠮ ᠲᠠᠮᠠᠭ᠎ᠠ ᠶᠢ ᠦᠢᠯᠡᠳᠦᠨ ᠬᠡᠷᠡᠭᠯᠡᠭᠰᠡᠨ ᠨᠢ ᠬᠡᠢ ᠬᠤᠭᠤᠰᠤᠨ ᠵᠦᠢᠯ ᠪᠢᠰᠢ ᠶᠤᠮ᠃ ᠵᠢᠱᠢᠶ᠎ᠡ ᠨᠢ ᠭᠡᠪᠡᠯ᠂ ᠡᠷᠲᠡ ᠦᠶ᠎ᠡ ᠶᠢᠨ ᠨᠡᠭᠦᠳᠡᠯᠴᠢᠨ ᠮᠠᠯᠴᠢᠨ ᠦᠨᠳᠦᠰᠦᠲᠡᠨ ᠤ ᠨᠢᠭᠡ ᠨᠢ ᠪᠣᠯᠬᠤ ᠬᠢᠳᠠᠨ ᠬᠦᠮᠦᠨ ᠤ ᠲᠦᠷᠦᠭᠦᠦ ᠶᠧᠯᠢᠦᠢ ᠠᠪᠤᠤᠵᠢ ᠶᠢᠨ ᠬᠠᠲᠤᠨ ᠱᠦ ᠯᠢᠦᠢ ᠫᠢᠩ᠄ ︽ᠨᠠᠳᠠ ᠳᠤ ᠠᠳᠣᠭᠤ ᠮᠠᠯ ᠵᠠᠭᠤᠨ ᠲᠦᠮᠡ ᠪᠠᠶᠢᠨ᠎ᠠ᠂ ᠠᠷᠠᠢ ᠶᠠᠳᠠᠭᠤ ᠬᠦᠮᠦᠨ ᠪᠢᠰᠢ ᠪᠢᠵᠡ︖︾ ᠭᠡᠵᠡᠢ᠃ ᠡᠭᠦᠨ ᠠᠴᠠ ᠦᠵᠡᠬᠦ ᠳᠤ ᠲᠡᠷᠡ ᠴᠠᠭ ᠠᠴᠠ ᠡᠬᠢᠯᠡᠨ ᠲᠦᠮᠡᠨ ᠮᠠᠯ ᠲᠠᠢ ᠠᠶᠢᠯ ᠡᠷᠦᠬᠡ ᠪᠠᠶᠢᠵᠠᠢ ᠭᠡᠰᠡᠨ ᠢ ᠭᠦᠢᠴᠡᠳ ᠭᠡᠷᠡᠴᠢᠯᠡᠵᠦ ᠪᠣᠯᠣᠨ᠎ᠠ᠃ ᠲᠡᠭᠦᠨ ᠢᠶᠠᠷ ᠪᠠᠷᠠᠬᠤ ᠦᠭᠡᠢ ᠲᠦᠮᠡᠨ ᠮᠠᠯ ᠲᠠᠢ ᠪᠣᠯᠣᠶ᠎ᠠ ᠭᠡᠵᠦ ᠴᠢᠷᠮᠡᠶᠢᠵᠤ ᠪᠠᠶᠢᠭ᠎ᠠ ᠠᠶᠢᠯ ᠡᠷᠦᠬᠡ ᠴᠤ ᠨᠡᠩ ᠤᠯᠠᠨ ᠪᠠᠶᠢᠭᠰᠠᠨ ᠨᠢ ᠯᠠᠪᠲᠠᠢ ᠪᠢᠯᠡ᠃ ᠡᠶᠢᠮᠦ ᠶᠢᠨ ᠲᠤᠯᠠ ᠡᠷᠲᠡᠨ ᠤ ᠤᠯᠠᠮᠵᠢᠯᠠᠵᠤ ᠢᠷᠡᠭᠰᠡᠨ ᠮᠣᠩᠭᠤᠯ ᠦᠰᠦᠭ ᠤᠨ ᠪᠣᠮ ᠲᠠᠮᠠᠭ᠎ᠠ ᠨᠢ ᠲᠠᠯ᠎ᠠ ᠨᠤᠲᠤᠭ ᠤᠨ ᠮᠣᠩᠭᠤᠯᠴᠣᠳ ᠤᠨ ᠪᠠᠶᠠᠨ ᠴᠢᠨᠡᠭᠡᠯᠢᠭ ᠠᠵᠤ ᠠᠮᠢᠳᠤᠷᠠᠯ᠂ ᠲᠠᠪᠤᠨ ᠬᠤᠰᠢᠭᠤ ᠮᠠᠯ ᠤᠨ ᠦᠨᠢᠷ ᠦᠰᠦᠯᠲᠡ᠂ ᠡᠷᠦᠬᠡ ᠭᠡᠷ ᠤᠨ ᠦᠭᠡᠳᠡᠯᠡᠨ ᠮᠠᠨᠳᠤᠯᠲᠠ ᠶᠢ ᠪᠡᠯᠭᠡᠳᠡᠳᠡᠭ ᠪᠠᠶᠢᠨ᠎ᠠ᠃      ᠤᠯᠠᠮᠵᠢᠯᠠᠯᠲᠤ ᠲᠠᠪᠤᠨ ᠬᠤᠰᠢᠭᠤ ᠮᠠᠯ ᠤᠨ ᠳᠠᠮᠠᠭᠠᠨ ᠳᠤ ᠲᠤᠭᠤᠷ ᠲᠠᠮᠠᠭ᠎ᠠ᠂ ᠪᠠᠭᠠᠨ᠎ᠠ ᠲᠠᠮᠠᠭ᠎ᠠ᠂ ᠲᠤᠭᠤᠷᠠᠢ ᠲᠠᠮᠠᠭ᠎ᠠ᠂ ᠡᠪᠡᠷ ᠲᠠᠮᠠᠭ᠎ᠠ᠂ ᠡᠷᠳᠡᠨᠢ ᠲᠠᠮᠠᠭ᠎ᠠ᠂ ᠬᠦᠬᠦᠷ ᠲᠠᠮᠠᠭ᠎ᠠ᠂ ᠳᠦᠷᠦᠭᠡ ᠲᠠᠮᠠᠭ᠎ᠠ ᠵᠡᠷᠭᠡ ᠮᠠᠯ ᠤᠨ ᠪᠡᠶ᠎ᠡ ᠶᠢᠨ ᠡᠷᠬᠡᠲᠡᠨ ᠲᠠᠢ ᠬᠤᠯᠪᠤᠭᠳᠠᠬᠤ ᠪᠠ ᠮᠠᠯᠴᠢᠨ ᠬᠦᠮᠦᠨ ᠤ ᠵᠠᠷᠤᠳᠠᠯ ᠪᠠᠷᠢᠳᠠᠯ ᠵᠡᠷᠭᠡ ᠡᠳ᠋ ᠬᠤᠭᠰᠢᠯ ᠲᠠᠢ ᠬᠤᠯᠪᠤᠭᠳᠠᠬᠤ ᠠᠯᠢ ᠤᠯᠠᠨ ᠲᠠᠮᠠᠭ᠎ᠠ ᠲᠡᠮᠳᠡᠭ ᠤᠳ ᠪᠠᠶᠢᠳᠠᠭ ᠪᠦᠭᠡᠳ ᠤᠶᠢᠷ᠎ᠡ ᠦᠶ᠎ᠡ ᠬᠦᠷᠦᠭᠡᠳ ᠪᠠᠰᠠ ᠠᠷᠠᠪ ᠲᠤᠭᠠᠨ ᠤ ᠲᠠᠮᠠᠭ᠎ᠠ᠂ ᠬᠢᠲᠠᠳ ᠦᠰᠦᠭ ᠤᠨ ᠲᠠᠮᠠᠭ᠎ᠠ᠂ ᠲᠦᠪᠡᠳ ᠦᠰᠦᠭ ᠤᠨ ᠲᠠᠮᠠᠭ᠎ᠠ ᠵᠡᠷᠭᠡ ᠶᠢ ᠨᠡᠯᠢᠶᠡᠳ ᠦᠷᠭᠡᠨ ᠳᠡᠯᠭᠡᠷ ᠢᠶᠠᠷ ᠬᠡᠷᠡᠭᠯᠡᠬᠦ ᠪᠣᠯᠪᠠ᠃ ᠡᠳᠡᠭᠡᠷ ᠤᠯᠠᠨ ᠶᠠᠩᠵᠤ ᠶᠢᠨ ᠬᠡᠯᠪᠡᠷᠢ ᠳᠦᠷᠰᠦ ᠶᠢᠨ ᠲᠠᠮᠠᠭᠠᠨ ᠳᠤ ᠪᠦᠷ ᠶᠡᠭᠡ ᠳᠡᠭᠡᠳᠦ ᠦᠶ᠎ᠡ ᠶᠢᠨ ᠪᠠᠯᠠᠷᠯᠢᠭ ᠦᠶ᠎ᠡ ᠶᠢᠨ ᠲᠠᠮᠠᠭ᠎ᠠ ᠲᠡᠮᠳᠡᠭ ᠤᠨ ᠤᠯᠠ ᠮᠦᠷ ᠬᠠᠳᠠᠭᠠᠯᠠᠭᠳᠠᠵᠤ ᠪᠠᠶᠢᠳᠠᠭ᠃ ᠲᠠᠪᠤᠨ ᠬᠤᠰᠢᠭᠤ ᠮᠠᠯ ᠤᠨ ᠲᠠᠮᠠᠭ᠎ᠠ ᠨᠢ ᠬᠡᠳᠦᠶᠢᠪᠡᠷ ᠮᠠᠯ ᠠᠳᠣᠭᠤᠰᠤ ᠳᠤ ᠬᠡᠷᠡᠭᠯᠡᠬᠦ‍ ᠨᠢᠭᠡ ᠵᠦᠢᠯ ᠤᠨ ᠦᠵᠡᠭᠳᠡᠯ ᠲᠡᠳᠦᠢ ᠪᠤᠯᠪᠠᠴᠤ ᠲᠡᠷᠡ ᠨᠢ ᠬᠦᠮᠦᠨ ᠲᠦᠷᠦᠯᠬᠢᠲᠡᠨ ᠤ ᠦᠰᠦᠭ ᠪᠢᠴᠢᠭ ᠲᠠᠢ ᠪᠣᠯᠬᠤ ᠠᠴᠠ ᠬᠤᠯᠠ ᠡᠮᠦᠨ᠎ᠡ ᠪᠣᠢ ᠪᠣᠯᠣᠭᠰᠠᠨ ᠨᠡᠭᠦᠳᠡᠯᠴᠢᠨ ᠦᠨᠳᠦᠰᠦᠲᠡᠨ᠂ ᠤᠨᠴᠠᠭᠠᠶᠢᠯᠠᠨ ᠮᠣᠩᠭᠤᠯ ᠦᠨᠳᠦᠰᠦᠲᠡᠨ ᠤ ᠬᠡᠵᠢᠶᠡᠲᠡ ᠠᠵᠢᠯ ᠦᠢᠯᠡᠰ ᠤᠨ ᠦᠭᠡᠳᠡ ᠡᠰᠡᠷᠡᠭ᠂ ᠡᠷᠦᠬᠡ ᠭᠡᠷ ᠠᠶᠢᠮᠠᠭ ᠪᠦᠯᠦᠭ ᠤᠨ ᠦᠭᠡᠳᠡᠯᠡᠨ ᠮᠠᠨᠳᠣᠬᠤ ᠶᠢ ᠪᠡᠯᠭᠡᠳᠡᠳᠡᠭ ᠳᠠᠯᠳᠠ ᠶᠢᠨ ᠦᠵᠡᠯ ᠤᠬᠠᠮᠰᠠᠷ ᠠᠭᠤᠯᠤᠭᠳᠠᠵᠤ ᠪᠠᠶᠢᠭᠰᠠᠨ ᠰᠤᠶᠤᠯ ᠤᠨ ᠠᠭᠤᠯᠭ᠎ᠠ ᠪᠣᠯᠣᠨ᠎ᠠ᠃      ᠡᠶᠢᠨ ᠬᠦ ᠠᠳᠤᠭᠤᠨ ᠤ ᠲᠠᠮᠠᠭᠠᠨ ᠳᠤ ᠪᠠᠰᠠ ᠠᠳᠣᠭᠤᠨ ᠰᠦᠷᠦᠭ ᠨᠢ ᠦᠨᠢᠷ ᠦᠰᠦᠭᠡᠳ᠂ ᠲᠠᠩᠰᠤᠭ ᠪᠠᠶᠠᠨ ᠠᠵᠤ ᠠᠮᠢᠳᠤᠷᠠᠯ ᠨᠢ ᠡᠳᠦᠷ ᠠᠴᠠ ᠡᠳᠦᠷ ᠦᠭᠡᠳᠡᠯᠡᠨ᠂ ᠵᠢᠯ ᠵᠢᠯ ᠳᠡᠭᠡᠨ ᠦᠯᠵᠡᠢ ᠮᠡᠨᠳᠦ ᠪᠠᠶᠢᠬᠤ ᠶᠢᠨ ᠵᠦᠩᠨᠡᠯ ᠪᠡᠯᠭᠡᠳᠡᠯ ᠠᠭᠤᠯᠤᠭᠳᠠᠵᠤ ᠪᠠᠶᠢᠳᠠᠭ᠃      ︵ᠢᠷᠡᠯᠲᠡ᠄ ᠪᠤᠷᠵᠤᠤ᠂ ᠤᠯᠠᠭᠠᠨᠪᠠᠭᠠᠲᠤᠷ᠂ ᠲᠠᠨ᠎ᠠ ᠶᠢᠨ ᠨᠠᠶᠢᠷᠠᠭᠤᠯᠤᠭᠰᠠᠨ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠲᠠᠪᠤᠨ ᠬᠤᠰᠢᠭᠤ ᠮᠠᠯ ᠤᠨ ᠠᠷᠠᠴᠢᠯᠠᠭ᠎ᠠ ᠶᠢᠨ ᠰᠤᠶᠤᠯ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号