ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠨᠡᠷᠡᠰ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2021/8/20
     8 ᠰᠠᠷ᠎ᠠ ᠶᠢᠨ 3 ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠣᠯᠣᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ  ︽ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠤᠷᠢᠳᠴᠢᠯᠠᠭᠰᠠᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠭᠤᠶᠤᠴᠢᠯᠠᠨ ᠮᠡᠳᠡᠭᠦᠯᠬᠦ ᠠᠵᠢᠯ ᠢ ᠡᠬᠢᠯᠡᠭᠦᠯᠪᠡ᠃ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠬᠤ᠂ ᠲᠤᠰᠬᠠᠶ ᠮᠡᠷᠭᠡᠵᠢᠯᠲᠡᠨ ᠤ ᠬᠢᠨᠠᠨ ᠰᠢᠯᠭᠠᠷᠠᠭᠤᠯᠬᠤ ᠪᠠ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨᠠᠨ ᠲᠣᠭᠲᠠᠭᠠᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ ᠬᠢᠨᠠᠨ ᠰᠢᠯᠭᠠᠷᠠᠭᠤᠯᠤᠯᠲᠠ ᠳᠤ ᠪᠠᠲᠤᠯᠠᠭᠳᠠᠭᠰᠠᠨ ᠡᠭᠦᠳᠦᠨ ᠪᠠᠶᠢᠭᠤᠯᠬᠤ ᠬᠤᠰᠢᠭᠤ ᠰᠢᠶᠠᠨ ︵ᠲᠣᠭᠤᠷᠢᠭ︶ ᠤ ᠨᠡᠷᠡᠰ ᠢ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 8 ᠰᠠᠷ᠎ᠠ  ᠶᠢᠨ 20 ᠤ ᠡᠳᠦᠷ ᠠᠴᠠ 22 ᠤᠨ ᠡᠳᠦᠷ ᠪᠣᠯᠤᠨ᠎ᠠ᠃ ᠡᠨᠡ ᠬᠦ ᠬᠤᠭᠤᠴᠠᠭᠠᠨ ᠳᠤ ᠣᠨᠳᠣᠤ ᠰᠠᠨᠠᠯ ᠲᠠᠢ ᠪᠣᠯ ᠦᠨᠡᠨ ᠨᠡᠷ᠎ᠡ ᠪᠠᠷ ᠢᠶᠠᠨ ︵ᠨᠢᠭᠡᠴᠢ ᠶᠢᠨ ᠭᠤᠤᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠣᠨ᠎ᠠ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠦᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ ᠲᠤ ᠲᠤᠰᠬᠠᠭᠠᠷᠠᠢ᠂ ᠪᠠᠶᠢᠳᠠᠯ ᠢ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠶᠢᠨ ᠬᠠᠮᠲᠤ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠃      ᠬᠠᠷᠢᠯᠴᠠᠬᠤ ᠤᠲᠠᠰᠤ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠦᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ ︵0471︶ 6651903      ᠳᠠᠭᠠᠯᠳᠤᠭᠤᠯᠤᠯ᠄ ᠲᠠᠷᠢᠶᠠᠯᠠᠩ ᠤᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠨᠡᠷᠡᠰ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                    ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                    ᠡᠳ᠋ ᠤᠨ ᠵᠠᠰᠠᠭ ᠤᠨ ᠲᠢᠩᠬᠢᠮ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                    ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                   2021 ᠣᠨ ᠤ 8 ᠰᠠᠷ᠎ᠠ ᠶᠢᠨ 20 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号