ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ | ᠤᠢᠢᠯᠠᠭᠠᠭᠰᠠᠨ ᠢᠶᠠᠷ᠂ ᠮᠠᠨ ᠤ ᠣᠷᠣᠨ ᠤ 10 ᠬᠤᠰᠢᠭᠤ ᠰᠢᠶᠠᠨ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢᠶᠠᠷ ᠵᠢᠭᠰᠠᠭᠠᠭᠳᠠᠪᠠ᠃ | ᠡᠨᠡ ᠬᠦ 10 ᠬᠤᠰᠢᠭᠤ ᠰᠢᠶᠠᠨ ᠨᠢ ᠲᠣᠰ ᠲᠣᠰ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ | ᠵᠠᠰᠠᠬᠤ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ | ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ | ᠬᠤᠰᠢᠭᠤ᠂ ᠲᠦᠩᠯᠢᠶᠣᠤ ᠬᠤᠲᠠ ᠶᠢᠨ ᠬᠦᠷᠢᠶ᠎ᠡ ᠬᠤᠰᠢᠭᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ | ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠱᠠᠩᠳᠤ ᠰᠢᠶᠠᠨ᠂ ᠬᠤᠸᠠᠳᠧ ᠰᠢᠶᠠᠨ᠂ ᠳᠥᠷᠪᠡᠳ | ᠬᠤᠰᠢᠭᠤ ᠪᠣᠯᠤᠨ᠎ᠠ᠃ ︽ᠡᠨᠡ 10 ᠬᠤᠰᠢᠭᠤ ᠰᠢᠶᠠᠨ ᠢ ᠬᠥᠮᠦᠨ ᠳᠤᠮᠳᠠᠴᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠬᠥᠮᠦᠨ ᠳᠤᠮᠳᠠᠴᠢ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠭᠦᠢᠴᠡᠳᠬᠡᠯ | ᠲᠤᠭ᠎ᠠ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠮᠠᠯᠠᠭᠠᠢ ᠪᠠᠨ ᠲᠠᠶᠠᠭᠳᠠᠭᠰᠠᠨ ᠴᠠᠭ ᠤᠨ | ᠳᠠᠷᠠᠭᠠᠯᠠᠯ᠂ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠮᠤᠭ ᠡᠴᠦᠰ ᠲᠤ ᠨᠢ ᠲᠣᠭᠲᠠᠭᠠᠪᠠ︾ | ᠭᠡᠵᠦ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ | ᠳᠡᠳ᠋ ᠳᠠᠷᠤᠭ᠎ᠠ ᠬᠠᠨ ᠵᠢᠶᠠᠨ ᠭᠠᠩ ᠬᠡᠯᠡᠪᠡ᠃ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ | ᠬᠤᠰᠢᠭᠤ ᠰᠢᠶᠠᠨ ᠪᠦᠬᠦᠨ ᠳᠤ ᠪᠠᠯᠠ ᠮᠥᠩᠭᠦ ᠵᠢᠴᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ | 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠲᠥᠪ ᠤᠨ 16 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ | 12 ᠵᠦᠢᠯ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ ᠪᠣᠯᠤᠨ᠎ᠠ᠃ ᠡᠭᠦᠨ ᠤ ᠬᠠᠮᠲᠤ᠂ ᠮᠥᠩᠭᠦᠨ | ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠳᠤ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ | ᠣᠷᠣᠨ ᠠᠯᠤᠰᠯᠠᠨ ᠳᠣᠭᠢᠷᠠᠭᠤᠯᠤᠨ ᠬᠡᠷᠡᠭᠯᠡᠬᠦ᠂ ᠴᠢᠳᠠᠪᠤᠷᠢᠲᠠᠨ ᠡᠯᠰᠡᠬᠦ ᠪᠠ ᠮᠡᠷᠭᠡᠵᠢᠯ ᠤᠨ ᠴᠣᠯᠠ ᠶᠢᠨ ᠬᠠᠷᠠᠭᠠᠯᠵᠠᠯ᠂ | ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠠᠪᠰᠤᠷᠤᠨ ᠲᠡᠳᠬᠦᠬᠦ ᠡᠬᠢ ᠪᠠᠶᠠᠯᠢᠭ ᠤᠨ ᠲᠣᠬᠢᠷᠠᠭᠤᠯᠤᠯᠲᠠ᠂ ᠠᠵᠤ | ᠦᠢᠯᠡᠰ ᠢᠶᠠᠷ ᠬᠠᠪᠰᠤᠷᠤᠨ ᠲᠡᠳᠬᠦᠬᠦ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠣᠯᠠᠨ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠢᠯᠡᠭᠦᠬᠡᠨ ᠬᠡᠯᠪᠠᠶᠢᠯᠭᠡᠨ᠎ᠡ᠃ | ᠣᠶᠢᠯᠠᠭᠠᠭᠰᠠᠨ ᠢᠶᠠᠷ᠂ 10 ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠨᠡᠶᠢᠲᠡ | 8.23 ᠲᠦᠮᠡᠨ ᠡᠷᠦᠬᠡ ᠶᠢᠨ 18.68 ᠲᠦᠮᠡ ᠬᠦᠮᠦᠨ ᠪᠠᠶᠢᠵᠤ᠂ ᠲᠣᠰ ᠲᠣᠰ ᠪᠥᠬᠦ ᠣᠷᠣᠨ ᠤ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠲᠤᠭ᠎ᠠ ᠪᠠ ᠬᠥᠮᠦᠨ ᠤ ᠲᠤᠭ᠎ᠠ ᠶᠢᠨ 22%᠂ 22.19% ᠶᠢ ᠡᠵᠡᠯᠡᠨ᠎ᠡ︔ ᠵᠠᠬ᠎ᠠ | ᠬᠢᠵᠠᠭᠠᠷ ᠤᠨ ᠠᠮᠠᠷᠬᠠᠨ ᠶᠠᠳᠠᠭᠤᠷᠠᠬᠤ 0.41 ᠲᠦᠮᠡᠨ ᠡᠷᠦᠬᠡ ᠶᠢᠨ 0.84 ᠲᠦᠮᠡᠨ ᠬᠥᠮᠦᠨ ᠪᠠᠶᠢᠵᠤ᠂ ᠲᠣᠰ | ᠲᠣᠰ ᠪᠥᠬᠦ ᠣᠷᠣᠨ ᠤ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠶᠢᠨ ᠲᠤᠭ᠎ᠠ ᠪᠠ ᠬᠥᠮᠦᠨ ᠤ | ᠲᠤᠭ᠎ᠠ ᠶᠢᠨ 26.9%᠂ 27.23% ᠶᠢ ᠡᠵᠡᠯᠡᠨ᠎ᠡ᠃ 10 ᠬᠤᠰᠢᠭᠤ ᠰᠢᠶᠠᠨ ᠤ ᠬᠢᠨ ᠬᠢᠨᠠᠨ ᠰᠢᠨᠵᠢᠯᠡᠯᠲᠡ ᠶᠢ | ᠴᠢᠩᠭᠠᠳᠬᠠᠵᠤ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠴᠠ ᠭᠠᠷᠳᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ | ᠲᠥᠯᠥᠪᠵᠢᠭᠦᠯᠭᠡ ᠶᠢ ᠰᠠᠶᠢᠲᠤᠷ ᠬᠢᠨ᠎ᠠ︔ ᠲᠥᠷᠥᠯ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ | ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠭᠳᠤ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ | ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠰᠠᠶᠢᠲᠤᠷ ᠬᠢᠵᠦ᠂ ᠲᠠᠬᠢᠨ ᠶᠠᠳᠠᠭᠤᠷᠠᠵᠤ ᠠᠮᠠᠷᠬᠠᠨ ᠶᠠᠳᠠᠭᠤᠷᠠᠬᠤ | ᠬᠥᠮᠦᠰ ᠲᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠨ᠎ᠡ︔ ︽ᠵᠣᠷᠯᠣᠩ ᠤᠨ ᠬᠤᠪᠢᠰᠬᠠᠯ︾ ᠢ ᠭᠦᠨᠵᠡᠭᠡᠶ | ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠴᠡᠭᠴᠡᠯᠡᠨ᠎ᠡ᠃ |