ᠪᠥᠬᠦ ᠤᠯᠤᠰ ᠤᠨ ᠲᠠᠷᠢᠶᠠᠯᠠᠩ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ 《ᠬᠡᠯᠬᠢᠶ᠎ᠡ ᠶᠢᠨ ᠡᠵᠡᠨ 》 ᠠᠵᠤ ᠠᠬᠤᠶᠢᠯᠠᠯ ᠪᠣᠯᠤᠨ ᠨᠡᠶᠢᠲᠡᠯᠢᠭ ᠰᠢᠶᠠᠨ ᠤ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2021/8/27
     ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ 《 ᠪᠦᠬᠦ ᠤᠯᠤᠰ ᠤᠨ ᠲᠠᠷᠢᠶᠠᠯᠠᠩ  ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠬᠡᠯᠬᠢᠶ᠎ᠡ ᠪᠠ ᠨᠡᠶᠢᠲᠡᠯᠢᠭ ᠰᠢᠶᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ 》 ( ᠲᠠᠷᠢᠶᠠᠯᠠᠩ ᠠᠯᠪᠠᠨ ᠠᠵᠦ ᠦᠢᠯᠡᠰ ﹇2021﹈ 8 ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠦᠪᠡᠰᠦᠪᠡᠨ ᠭᠤᠶᠤᠴᠢᠯᠠᠨ ᠮᠡᠳᠡᠭᠦᠯᠬᠦ᠂ ᠬᠤᠰᠢᠭᠤ ᠰᠢᠶᠠᠨ ᠬᠢᠨᠠᠨ ᠬᠠᠷᠭᠤᠭᠤᠯᠬᠤ᠂ ᠠᠶᠢᠮᠠᠭ ᠬᠤᠲᠠ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠦᠨᠡᠯᠡᠬᠦ ᠪᠠᠷ ᠳᠠᠮᠵᠢᠨ᠂ ᠡᠳᠦᠭᠡ ᠲᠠᠨᠢᠯᠴᠠᠭᠤᠯᠬᠤ ᠪᠠᠷ ᠪᠠᠶᠢᠭ᠎ᠠ ᠪᠦᠬᠦ ᠤᠯᠤᠰ ᠤᠨ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠬᠡᠯᠬᠢᠶ᠎ᠡ ( ᠠᠯᠠᠰᠢᠨ ᠬᠤᠨᠢ ) ᠶᠢᠨ 《 ᠬᠡᠯᠬᠢᠶ᠎ᠡ ᠶᠢᠨ ᠡᠵᠡᠨ 》ᠠᠵᠤ ᠠᠬᠤᠶᠢᠯᠠᠯ ᠪᠠ ᠨᠡᠶᠢᠲᠡᠯᠢᠭ ᠬᠤᠰᠢᠭᠤ ᠰᠢᠶᠠᠨ ᠢ ᠳᠣᠣᠷᠠᠬᠢ ᠮᠡᠲᠦ ᠢᠯᠡ ᠨᠡᠶᠢᠲᠡᠯᠡᠪᠡ᠃      ᠬᠡᠯᠬᠢᠶ᠎ᠡ ᠶᠢᠨ ᠡᠵᠡᠨ ᠠᠵᠤ ᠠᠬᠤᠶᠢᠯᠠᠯ᠄ ᠰᠢᠯᠢ ᠶᠢᠨ ᠭᠤᠣᠯ ᠠᠶᠢᠮᠠᠭ ᠤᠨ ᠡᠷᠳᠡᠨᠢ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ      ᠨᠡᠶᠢᠲᠡᠯᠢᠭ ᠬᠤᠰᠢᠭᠤ ᠰᠢᠶᠠᠨ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ( ᠠᠯᠠᠰᠢᠨ ᠦᠬᠡᠷ )᠂ ᠱᠠᠩᠳᠤ ᠰᠢᠶᠠᠨ ( ᠲᠥᠮᠥᠰᠥ )      ᠢᠯᠡ ᠨᠡᠶᠢᠲᠡᠯᠡᠬᠦ ᠬᠤᠭᠤᠴᠠᠭ᠎ᠠ ᠨᠢ 2021 ᠣᠨ ᠤ 8 ᠰᠠᠷ᠎ᠠ ᠶᠢᠨ 27 ᠤ ᠡᠳᠦᠷ ᠠᠴᠠ 2021 ᠣᠨ  ᠤ 8 ᠰᠠᠷ᠎ᠠ ᠶᠢᠨ 29 ᠤ ᠡᠳᠦᠷ ᠪᠤᠯᠲᠠᠯ᠎ᠠ ᠪᠣᠯᠤᠨ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠯᠡ ᠨᠡᠶᠢᠲᠡᠯᠡᠭᠰᠡᠨ ᠨᠢᠭᠡᠴᠢ ᠳᠤ ᠣᠨᠳᠣᠤ ᠰᠠᠨᠠᠯ ᠲᠠᠢ ᠪᠣᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠶᠯᠡᠰ ᠤᠨ  ᠬᠦᠭᠵᠢᠭᠦᠯᠦᠯᠲᠡ ᠶᠢᠨ ᠭᠠᠵᠠᠷ ᠲᠤ ᠲᠤᠰᠬᠠᠭᠠᠷᠠᠢ᠃ ᠠᠰᠠᠭᠤᠳᠠᠯ ᠢ ᠲᠤᠰᠬᠠᠬᠤ ᠳᠤ ᠪᠠᠨ᠂ ᠬᠤᠯᠪᠣᠭᠳᠠᠯ ᠪᠥᠬᠦᠶ ᠰᠦᠪᠡᠭᠴᠢ᠂  ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠦ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ  ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠶᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤ ᠨᠢ ᠬᠠᠷᠢᠭᠤ ᠲᠤᠰᠬᠠᠨ᠎ᠠ᠃      ᠬᠦᠯᠢᠶᠡᠨ ᠠᠪᠴᠦ ᠭᠦᠢᠴᠡᠳᠭᠡᠭᠴᠢ᠄ ᠶᠣᠣ ᠶᠠᠩ      ᠬᠦᠯᠢᠶᠡᠨ ᠠᠪᠬᠤ ᠤᠲᠠᠰᠤ᠄ 0471 - 6652297᠂ 13947194450      ᠬᠦᠯᠢᠶᠡᠨ ᠠᠪᠴᠦ ᠭᠦᠢᠴᠡᠳᠭᠡᠬᠦ ᠢᠮᠧᠯ᠄ nmgxccyc @ sina.com.cn                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                      2021 ᠣᠨ ᠤ 8 ᠰᠠᠷ᠎ᠠ ᠶᠢᠨ 27 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号