ᠣᠷᠳᠤᠰ ᠤᠨ ᠨᠠᠷᠢᠨ ᠨᠣᠣᠰᠣᠲᠤ ᠬᠤᠨᠢ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠤ ᠨᠤᠲᠤᠭᠰᠢᠯ᠎ᠠ
ᠨᠡᠶᠢᠲᠡᠯᠡᠭᠰᠡᠨ ᠴᠠᠭ᠄
2021/8/27
     7 ᠰᠠᠷ᠎ᠠ ᠶᠢᠨ 26 ᠤ ᠡᠳᠦᠷ᠂ ᠦᠦᠰᠢᠨ ᠬᠤᠰᠢᠭᠤᠨ ᠤ ᠰᠦᠯᠳᠡ ᠰᠤᠮᠤ ᠶᠢᠨ ᠲᠦᠩᠽᠢ ᠭᠠᠴᠠᠭᠠᠨ ᠤ ᠬᠢᠨ ᠦᠨ᠎ᠡ ᠲᠥᠯᠥᠪᠦᠷᠢ ᠦᠭᠡᠢ ᠪᠠᠷ 10 ᠣᠷᠳᠣᠰ ᠤᠨ ᠨᠠᠷᠢᠨ ᠨᠣᠣᠰᠣᠳᠣ ᠬᠤᠨᠢ ᠪᠠᠨ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠳᠤ ᠬᠦᠷᠭᠡᠨ ᠪᠡᠯᠡᠭᠯᠡᠵᠥ᠂ ᠣᠷᠳᠣᠰ ᠤᠨ ᠨᠠᠷᠢᠨ ᠨᠣᠣᠰᠣᠳᠣ ᠬᠤᠨᠢᠨ ᠤ ᠰᠦᠷᠣᠭ᠌ ᠢ ᠬᠡᠭᠡᠷ᠎ᠡ ᠶᠢᠨ ᠠᠮᠢᠳᠠᠨ ᠤ ᠬᠦᠷᠢᠶᠡᠯᠡᠩ ᠳᠤ ᠮᠠᠯᠵᠢᠨ ᠨᠣᠳᠣᠭᠰᠢᠭᠤᠯᠵᠣ᠂ ᠨᠠᠩ ᠤᠯᠡᠨ ᠬᠤᠳᠠ ᠶᠢᠨ ᠠᠷᠠᠳ ᠪᠠ ᠵᠢᠭᠤᠯᠴᠢᠯᠠᠬᠰᠠᠳ ᠲᠤ ᠦᠦᠰᠢᠨ ᠬᠤᠰᠢᠭᠤᠨ ᠤ ᠤᠷᠳᠤᠰ ᠨᠠᠷᠢᠨ ᠨᠤᠤᠰᠤᠳᠤ ᠬᠤᠨᠢ ᠪᠠᠨ ᠲᠠᠨᠢᠭᠤᠯᠣᠨ᠂ ᠨᠡᠷ᠎ᠡ ᠲᠡᠮᠳᠡᠭ ᠢ ᠣᠬᠠᠭᠤᠯᠣᠨ ᠠᠯᠳᠠᠷᠰᠢᠭᠤᠯᠬᠤ ᠶᠢ ᠵᠣᠷᠢᠬᠰᠠᠨ ᠪᠠᠶᠢᠨ᠎ᠠ᠃    ᠲᠤᠰ ᠭᠠᠴᠠᠭᠠᠨ ᠤ ᠮᠠᠯᠴᠢᠨ ᠰᠤᠶᠤᠯᠳᠠᠯᠠᠢ᠄ ︽ᠮᠠᠨ ᠤ ᠣᠷᠳᠤᠰ ᠤᠨ ᠨᠠᠷᠢᠨ ᠨᠣᠣᠰᠣᠲᠤ ᠬᠤᠨᠢ ᠪᠣᠯ ᠮᠢᠬ᠎ᠠ ᠨᠣᠣᠰᠣ ᠶᠢᠨ ᠬᠤᠣᠰ ᠬᠡᠷᠡᠭᠴᠡᠭᠡᠲᠦ ᠬᠤᠨᠢ ᠪᠠᠶᠢᠵᠣ᠂ ᠨᠣᠣᠰᠣᠨ ᠤ ᠭᠠᠷᠤᠯᠲᠠ ᠦᠨᠳᠦᠷ᠂ ᠮᠢᠬᠠᠨ ᠤ ᠴᠢᠨᠠᠷ ᠣᠨᠴᠠ ᠰᠠᠶᠢᠨ᠃ ᠮᠢᠬ᠎ᠠ ᠨᠢ ᠪᠤᠰᠤᠳ ᠬᠤᠨᠢ ᠲᠠᠢ ᠠᠳᠠᠯᠢ ᠲᠠᠷᠭᠤᠨ᠂ ᠬᠠᠷ᠎ᠠ ᠮᠢᠬ᠎ᠠ ᠪᠠ ᠥᠬᠡᠬᠦ ᠶᠢᠨ ᠬᠠᠷᠢᠴᠠᠯ ᠨᠢ ᠲᠡᠩᠴᠠᠭᠦᠦ ᠪᠠᠶᠢᠳᠠᠭ ᠢᠶᠠᠷ ᠢᠶᠠᠨ ᠣᠷᠣᠨ ᠨᠣᠳᠤᠬ ᠤᠨ ᠣᠨᠴᠠᠯᠢᠬ ᠲᠠᠢ᠃ ᠪᠢᠳᠠ ᠡᠨᠡ ᠬᠤᠨᠢ ᠪᠠᠨ ᠠᠮᠢᠲᠠᠨ ᠤ ᠬᠦᠷᠢᠶᠡᠯᠡᠩ ᠳᠤ ᠬᠥᠷᠬᠡᠨ ᠪᠡᠯᠡᠭᠯᠡᠵᠦ ᠪᠠᠶᠢᠭ᠎ᠠ ᠨᠢ ᠨᠠᠩ ᠣᠯᠠᠠ ᠬᠥᠮᠥᠰ ᠲᠤ ᠲᠠᠨᠢᠭᠤᠯᠬᠤ ᠶᠢᠨ ᠲᠦᠯᠦᠭᠡ ᠶᠤᠮ︾ ᠬᠡᠵᠣ ᠪᠣᠳᠣᠯ ᠢᠶᠠᠨ ᠳᠡᠯᠭᠡᠨ᠎ᠠ᠃    ᠲᠦᠡᠭᠽᠢ ᠭᠠᠴᠠᠭ᠎ᠠ ᠪᠣᠯ ᠦᠣᠰᠢᠨ ᠬᠤᠰᠢᠭᠤᠨ ᠤ ᠨᠠᠷᠢᠨ ᠨᠤᠤᠰᠤᠳᠤ ᠬᠤᠨᠢ ᠮᠠᠯᠵᠢᠬᠤ ᠵᠢᠱᠢᠶ᠎ᠡ ᠦᠵᠡᠭᠦᠯᠬᠦ ᠭᠠᠴᠠᠭ᠎ᠠ ᠪᠤᠯᠤᠨ᠎ᠠ᠂ ᠣᠷᠳᠣ ᠬᠤᠭᠤᠴᠠᠭ᠎ᠠ ᠪᠠᠷ ᠨᠠᠷᠢᠨ ᠨᠤᠤᠰᠤᠳᠤ ᠬᠤᠨᠢᠨ ᠤ ᠡᠭᠦᠯᠳᠡᠷ ᠢ ᠬᠠᠮᠠᠭᠠᠯᠠᠵᠥ ᠭᠦᠭᠵᠢᠭᠦᠯᠥᠨ᠂ ᠣᠷᠳᠣᠰ ᠤᠨ ᠨᠠᠷᠢᠨ ᠨᠤᠤᠰᠤᠳᠤ ᠬᠤᠨᠢ ᠶᠢ ᠮᠠᠯᠵᠢᠨ ᠦᠷᠡᠵᠢᠭᠦᠯᠬᠦ ᠨᠡᠶᠢᠭᠡᠮᠯᠢᠭ ᠪᠠᠶᠢᠭᠤᠯᠵᠤ᠂ ᠮᠠᠯᠴᠢᠨ ᠴᠡᠩᠬᠡᠯ᠂ ᠰᠣᠶᠣᠯᠳᠠᠯᠠᠢ ᠨᠠᠷ ᠣᠷᠳᠣᠰ ᠤᠨ ᠨᠠᠷᠢᠨ ᠨᠣᠣᠰᠣᠳᠣ ᠬᠤᠨᠢ ᠮᠠᠯᠵᠢᠬᠤ ᠥᠨᠳᠥᠷ ᠦᠷ᠎ᠡ ᠠᠰᠢᠭᠲᠤ ᠬᠡᠷ ᠪᠦᠯᠢ ᠶᠢᠨ ᠮᠠᠯᠵᠢᠯ ᠤᠨ ᠲᠠᠯᠠᠪᠠᠶ ᠪᠠᠶᠢᠭᠤᠯᠵᠣ᠂ ᠣᠷᠳᠣᠰ ᠤᠨ ᠨᠠᠷᠢᠨ ᠨᠣᠣᠰᠣᠳᠣ ᠬᠤᠨᠢᠨ ᠤ ᠠᠵᠣ ᠣᠶᠢᠯᠡᠰ ᠤᠨ ᠴᠢᠨᠠᠷ ᠰᠠᠶᠢᠲᠠᠢ ᠭᠦᠭᠵᠢᠯᠳᠡ ᠶᠢ ᠠᠬᠢᠭᠤᠯᠣᠭᠰᠠᠨ ᠪᠠᠶᠢᠨ᠎ᠠ᠃    ᠲᠤᠰ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠰᠢᠯᠢᠨᠲᠠᠨ᠎ᠠ᠄ ︽ᠣᠷᠳᠣᠰ ᠤᠨ ᠨᠠᠷᠢᠨ ᠨᠣᠣᠰᠣᠳᠣ ᠬᠤᠨᠢ ᠪᠤᠯ 1957 ᠣᠨ ᠠᠴᠠ ᠡᠬᠦᠯᠳᠡᠷ ᠰᠠᠶᠢᠵᠢᠷᠠᠭᠤᠯᠣᠬᠰᠠᠨ ᠣᠷᠣᠨ ᠨᠣᠳᠤᠬ ᠤᠨ ᠣᠨᠴᠠᠯᠢᠬ ᠰᠢᠨᠵᠢ ᠲᠠᠢ ᠰᠠᠶᠢᠢᠨ ᠡᠬᠦᠯᠳᠡᠷ ᠬᠤᠨᠢ ᠪᠤᠯᠬᠤ ᠶᠤᠮ᠃ ᠡᠨᠡ ᠣᠳᠠᠭ᠎ᠠ ᠳᠣᠰᠬᠠᠶᠢᠯᠠᠨ ᠣᠷᠳᠣᠰ ᠤᠨ ᠬᠡᠬᠡᠷ᠎ᠠ ᠶᠢᠨ ᠠᠮᠢᠳᠠᠨ ᠤ ᠬᠥᠷᠢᠶᠡᠯᠡᠩ ᠳᠤ ᠬᠥᠷᠬᠡᠨ ᠪᠡᠯᠡᠭᠯᠡᠵᠥ ᠪᠠᠶᠢᠬᠤ ᠨᠢ ᠣᠯᠣᠰ ᠴᠢᠨᠠᠬᠰᠢᠯᠡᠨ ᠲᠡᠯᠡᠬᠡᠢ ᠳᠤ ᠣᠷᠳᠣᠰ ᠤᠨ ᠨᠠᠷᠢᠨ ᠨᠣᠣᠰᠣᠳᠣ ᠬᠤᠨᠢ ᠪᠠᠨ ᠲᠠᠨᠢᠭᠤᠯᠵᠣ᠂ ᠣᠷᠳᠣᠰ ᠤᠨ ᠨᠠᠷᠢᠨ ᠨᠣᠣᠰᠣᠳᠣ ᠬᠤᠨᠢ ᠶᠢᠨ ᠨᠠᠷ᠎ᠠ ᠠᠯᠳᠠᠷᠰᠢᠯ ᠢ ᠣᠯᠠᠮ ᠲᠡᠬᠡᠭᠰᠢᠯᠡᠬᠦᠯᠵᠣ᠂ ᠣᠷᠳᠣᠰ ᠤᠨ ᠨᠠᠷᠢᠨ ᠨᠣᠣᠰᠣᠳᠣ ᠬᠤᠨᠢ ᠶᠢᠨ ᠮᠢᠬ᠎ᠠ ᠨᠣᠣᠰᠣᠨ ᠤ ᠵᠠᠬ᠎ᠠ ᠲᠡᠯᠬᠡᠬᠦᠷ ᠤᠨ ᠥᠷᠳᠡᠭ ᠢ ᠲᠡᠬᠡᠭᠰᠢᠯᠡᠬᠦᠯᠵᠣ᠂ ᠮᠠᠯᠴᠢᠳ ᠤᠨ ᠣᠷᠣᠯᠭ᠎ᠠ ᠶᠢ ᠲᠣᠬᠳᠠᠭᠤᠨ ᠢᠶᠠᠷ ᠨᠡᠮᠡᠭᠳᠡᠬᠦᠯᠬᠦ ᠶᠢ ᠪᠠᠳᠣᠯᠠᠬᠤ ᠶᠢᠨ ᠳᠥᠯᠥᠬᠡ ᠶᠣᠮ︾ ᠬᠡᠵᠣ ᠳᠣᠰ ᠠᠵᠢᠯᠯᠠᠭ᠎ᠠ ᠶᠢᠨ ᠵᠣᠷᠢᠯᠭ᠎ᠠ ᠶᠢ ᠲᠡᠨᠢᠯᠴᠠᠭᠤᠯᠤᠨ᠎ᠠ᠃    ᠦᠣᠰᠢᠨ ᠬᠤᠰᠢᠭᠤ 60 ᠭᠠᠷᠣᠢ ᠵᠢᠯ ᠤᠨ ᠡᠭᠦᠯᠳᠡᠷ ᠰᠠᠶᠢᠵᠢᠷᠠᠭᠤᠯᠣᠯᠳᠠ ᠪᠠᠷ ᠨᠣᠣᠰᠣ ᠮᠢᠬᠠᠨ ᠤ ᠬᠤᠣᠰ ᠬᠡᠷᠡᠭᠴᠡᠭᠡᠲᠦ ᠰᠢᠯᠢᠳᠡᠭ ᠡᠭᠦᠯᠳᠡᠷ ᠤᠨ ᠣᠷᠳᠣᠰ ᠤᠨ ᠨᠠᠷᠢᠨ ᠨᠣᠣᠰᠣᠳᠣ ᠬᠤᠨᠢ ᠶᠢ ᠪᠤᠶᠢᠵᠢᠭᠤᠯᠣᠨ ᠭᠠᠷᠭᠠᠵᠣ᠂ ᠡᠨᠡ ᠬᠦ ᠡᠬᠦᠯᠳᠡᠷ ᠨᠢ ᠮᠠᠯᠴᠢᠳ ᠤᠨ ᠮᠠᠯ ᠠᠵᠤ ᠠᠬᠤᠢ ᠶᠢᠨ ᠣᠷᠣᠯᠭ᠎ᠠ ᠶᠢᠨ ᠭᠤᠣᠯ ᠢᠷᠡᠯᠲᠡ ᠪᠤᠯᠵᠤ᠂ ᠳᠣᠮᠳᠠᠳᠣ ᠣᠯᠣᠰ ᠤᠨ ᠠᠩᠬᠠᠳᠠᠭᠴᠢ ᠪᠦᠯᠣᠭ᠌ ᠭᠠᠵᠠᠷ ᠵᠦᠶ ᠶᠢᠨ ᠢᠯᠡᠷᠭᠡᠶᠢᠢᠯᠡᠯᠳᠦ ᠪᠦᠳᠣᠭᠡᠭᠳᠡᠬᠦᠨ ᠪᠣᠯᠣᠭᠰᠠᠨ ᠪᠠᠶᠢᠨ᠎ᠠ᠃ ᠣᠳᠣ ᠳᠣᠰ ᠬᠤᠰᠢᠭᠤ 120 ᠭᠠᠷᠣᠢ ᠳᠦᠮᠡᠨ ᠣᠷᠳᠣᠰ ᠤᠨ ᠨᠠᠷᠢᠨ ᠨᠣᠣᠰᠣᠳᠣ ᠬᠤᠨᠢ ᠮᠠᠯᠵᠢᠵᠣ᠂ ᠵᠢᠯ ᠳᠤ 50 ᠳᠦᠮᠡᠨ ᠨᠠᠷᠢᠨ ᠨᠣᠣᠰᠣᠳᠣ ᠬᠤᠨᠢ ᠪᠣᠷᠣᠯᠠᠭᠤᠯᠣᠨ᠂ 4000 ᠲᠤᠨ ᠰᠢᠯᠢᠳᠡᠭ ᠴᠢᠨᠠᠷ ᠤᠨ ᠠᠬᠠᠷ ᠨᠣᠣᠰᠣ ᠪᠣᠷᠣᠯᠠᠭᠤᠯᠵᠥ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号