ᠬᠦᠷᠢᠶ᠎ᠡ ᠬᠤᠰᠢᠭᠤ ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ
ᠨᠡᠶᠢᠲᠡᠯᠡᠭᠰᠡᠨ ᠴᠠᠭ᠄
2021/8/27
     ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠠᠬᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠵᠦ᠂ ᠨᠠᠷᠢᠮᠤ᠂ ᠰᠠᠭᠠᠭ᠂ ᠰᠢᠰᠢ ᠵᠡᠷᠭᠡ ᠳᠠᠪᠠᠭᠤᠯᠢᠭ ᠠᠵᠤ ᠠᠬᠤᠶ ᠶᠢᠨ ᠲᠠᠷᠢᠮᠠᠯ ᠳᠠᠷᠢᠬᠤ ᠶᠢ ᠢᠳᠡᠪᠬᠢᠲᠡᠶ ᠳᠡᠯᠭᠡᠷᠡᠭᠦᠯᠥᠨ᠂ ᠲᠠᠷᠢᠶᠠᠴᠢᠨ ᠡᠷᠦᠬᠡ ᠶᠢᠨ ᠵᠢᠵᠢᠭ ᠦᠢᠯᠡᠳᠪᠦᠷᠢᠯᠡᠯ ᠪᠣᠯᠤᠨ ᠲᠣᠮᠣ ᠵᠠᠬ᠎ᠠ ᠳᠡᠯᠭᠡᠭᠦᠷ ᠢ ᠦᠨᠡᠨ ᠬᠦ ᠵᠤᠯᠭᠠᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠶᠢ ᠵᠤᠷᠢᠯᠭ᠎ᠠ ᠲᠠᠢ ᠳᠠᠷᠢᠬᠤ᠂ ᠴᠢᠭᠯᠡᠯ ᠲᠠᠢ ᠪᠣᠷᠣᠯᠠᠭᠤᠯᠬᠤ᠂ ᠣᠷᠣᠯᠭ᠎ᠠ ᠶᠢ ᠨᠡᠮᠡᠭᠳᠡᠭᠦᠯᠬᠦ ᠳᠤ ᠪᠠᠲᠤᠯᠠᠭ᠎ᠠ ᠲᠠᠢ ᠪᠣᠯᠭᠠᠬᠰᠠᠨ ᠪᠠᠶᠢᠨ᠎ᠠ᠃    ᠬᠦ᠋ ᠶᠦᠩ ᠵᠢᠶ ᠪᠣᠯ ᠬᠦᠷᠢᠶ᠎ᠡ ᠪᠠᠯᠭᠠᠰᠤᠨ ᠤ ᠨᠠᠷᠢᠨᠭᠤᠤᠯ ᠲᠣᠰᠬᠤᠨ ᠤ ᠲᠠᠷᠢᠮᠠᠯ ᠤᠨ ᠲᠣᠮᠣ ᠡᠷᠦᠬᠡ ᠪᠣᠯᠤᠨ᠎ᠠ᠃ ᠥᠩᠭᠡᠷᠡᠭᠰᠡᠨ ᠳᠤ ᠲᠡᠳᠡᠨ ᠤ ᠳᠠᠷᠢᠬᠰᠠᠨ ᠨᠠᠷᠢᠮᠥ᠂ ᠰᠠᠭᠠᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠵᠥᠪᠬᠡᠨ ᠵᠢᠵᠢᠭᠯᠡᠨ ᠪᠣᠷᠣᠯᠠᠭᠤᠯᠵᠤ ᠪᠠᠶᠢᠭᠰᠠᠨ ᠪᠥᠭᠡᠳ ᠦᠨ᠎ᠡ ᠨᠢ ᠴᠦ ᠬᠢᠮᠳᠠ ᠪᠠᠶᠢᠪᠠ᠃ ᠡᠨᠡ ᠵᠢᠯ ᠲᠡᠳᠡᠨ ᠤ ᠬᠢᠨ 400 ᠭᠠᠷᠤᠶ ᠮᠥ ᠨᠠᠷᠢᠮᠤ᠂ ᠰᠠᠭᠠᠭ ᠲᠠᠷᠢᠵᠠᠢ᠂ ᠭᠡᠶ᠎ᠡ ᠳᠡᠳᠡ ᠬᠠᠪᠤᠷ ᠤᠨ ᠡᠬᠢᠨ ᠢᠶᠠᠷ ᠳᠠᠷᠤᠢ ᠥᠪᠥᠷ ᠮᠣᠩᠭᠤᠯ ᠤᠨ ᠬᠤᠩ ᠳ᠋ᠠ ᠱᠧᠩ ᠮᠤᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠵᠠᠬᠢᠶᠠᠯᠠᠭ᠎ᠠ ᠶᠢᠨ ᠲᠠᠷᠢᠶᠠᠯᠠᠩ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠰᠠᠨ ᠪᠤᠯᠬᠤᠷ ᠪᠤᠷᠤᠯᠠᠭᠤᠯᠭ᠎ᠠ ᠶᠢᠨ ᠲᠥᠯᠥᠭᠡ ᠵᠤᠪᠠᠭ᠋ᠤ ᠥᠭᠡᠢ ᠪᠤᠯᠵᠠᠢ᠃    ᠬᠦᠷᠢᠶ᠎ᠡ ᠬᠤᠰᠢᠭᠤᠨ ᠤ ᠶᠦᠨ ᠯᠢᠦᠢ ᠮᠦᠬᠦ ᠶᠢᠨ ᠦᠢᠯᠡᠰ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ ᠰᠠᠭᠠᠭ ᠤᠨ ᠴᠠᠢ ᠦᠢᠯᠡᠤᠡᠪᠦᠷᠢᠯᠡᠬᠦ ᠲᠠᠰᠤᠭ ᠲᠤ᠂ ᠬᠠᠭᠰᠠᠭᠠᠬᠤ ᠮᠠᠰᠢᠨ ᠪᠣᠯᠤᠨ ᠪᠣᠭᠤᠳᠠᠯᠯᠠᠬᠤ ᠮᠠᠰᠢᠨ ᠪᠥᠬᠦ ᠬᠥᠴᠥᠨ ᠢᠶᠠᠷ ᠠᠵᠢᠯᠯᠠᠵᠤ᠂ ᠠᠵᠢᠯᠴᠢᠳ ᠶᠠᠭᠠᠷᠠᠯᠲᠠᠢ ᠤᠭᠤᠳᠠᠯᠠᠨ ᠪᠤᠭᠤᠳᠠᠯᠯᠠᠵᠤ ᠪᠠᠶᠢᠯ᠎ᠠ᠃    ᠰᠠᠭᠠᠭ ᠤᠨ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠶᠥᠨ ᠯᠢᠤᠢ ᠮᠥᠬᠦ ᠶᠢᠨ ᠦᠢᠯᠡᠰ ᠤᠨ ᠢᠳᠡᠭᠡᠨ ᠤ ᠬᠢᠵᠠᠭᠠᠷᠲᠤ ᠺᠣᠮᠫᠠᠨᠢ ᠨᠢ ᠬᠦᠷᠢᠶ᠎ᠡ ᠶᠢᠨ ᠰᠠᠭᠠᠭ ᠤᠨ ︽ᠤᠯᠤᠰ ᠤᠨ ᠤᠤᠯ ᠭᠠᠷᠤᠯᠲᠠ ᠶᠢᠨ ᠤᠷᠤᠨ ᠤ ᠭᠡᠷᠡᠴᠢ ᠲᠠᠢ ᠲᠠᠸᠠᠷ ᠤᠨ ᠲᠡᠮᠳᠡᠭ︾ ᠪᠠ ︽ᠭᠠᠵᠠᠷ ᠵᠦᠶ ᠶᠢᠨ ᠢᠯᠡᠷᠭᠡᠶᠢᠯᠡᠯᠳᠤ ᠬᠠᠮᠠᠭᠠᠯᠠᠯᠲᠠ ᠪᠦ᠋ᠳᠦᠭᠡᠭᠳᠡᠭᠦᠨ︾ ᠤ ᠨᠠᠷᠠᠲᠤ ᠲᠥᠷᠥᠯ ᠲᠡᠮᠳᠡᠭ ᠤᠨ ᠳᠠᠪᠠᠭᠤᠯᠢᠭ ᠲᠤ ᠲᠦᠰᠢᠭᠯᠡᠨ᠂ ︽ᠺᠣᠮᠫᠠᠨᠢ + ᠰᠠᠭᠤᠷᠢᠨ + ᠲᠠᠷᠢᠶᠠᠴᠢᠨ ᠡᠷᠦᠬᠡ︾ ᠶᠢᠨ ᠵᠠᠬᠢᠶᠠᠯᠠᠭ᠎ᠠ ᠶᠢᠨ ᠦᠢᠯᠡᠳᠪᠦᠷᠢᠯᠡᠯ ᠤᠨ ᠠᠷᠭ᠎ᠠ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢᠨ ᠪᠣᠷᠣᠯᠠᠭᠤᠯᠭ᠎ᠠ ᠶᠢᠨ ᠵᠤᠪᠠᠨᠢᠯ ᠢ ᠠᠷᠢᠯᠭᠠᠵᠤ᠂ ᠲᠠᠷᠢᠶᠠᠴᠢᠨ ᠡᠷᠦᠬᠡ ᠶᠢᠨ ᠰᠠᠭᠠᠬ ᠳᠡᠷᠢᠬᠤ ᠤᠷᠮ᠎ᠠ ᠵᠤᠷᠢᠬ ᠢ ᠬᠥᠭᠵᠢᠭᠡᠪᠡ᠃ ᠬᠥᠬᠦᠨ ᠪᠠᠯᠭᠠᠰᠤᠨ ᠤ ᠭᠸᠡᠭ ᠶᠦᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠨᠢ ᠨᠢᠭᠡᠨᠲᠡ ᠬᠤᠶᠠᠷ ᠵᠢᠯ ᠳᠠᠷᠠᠭᠠᠯᠠᠨ ᠶᠦᠨ ᠯᠢᠦᠢ ᠮᠦᠬᠦ ᠶᠢᠨ ᠦᠢᠯᠡᠰ ᠤᠨ ᠢᠳᠡᠭᠡᠨ ᠤ ᠬᠢᠵᠠᠭᠠᠷᠲᠤ ᠺᠣᠮᠫᠠᠨᠢ ᠲᠠᠢ ᠰᠠᠭᠠᠭ ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠤ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠪᠦᠷᠢᠯᠳᠦᠭᠦᠯᠥᠨ᠂ ᠲᠠᠷᠢᠶᠠᠴᠢᠨ ᠡᠷᠦᠬᠡ ᠪᠣᠯᠤᠨ ᠠᠵᠤ ᠠᠬᠤᠶᠢᠯᠠᠯ ᠤᠨ ᠬᠤᠣᠰ ᠠᠰᠢᠬ ᠬᠥᠷᠳᠡᠬᠦ ᠶᠢ ᠪᠡᠶᠡᠯᠡᠭᠦᠯᠥᠭᠰᠡᠨ ᠪᠠᠶᠢᠨ᠎ᠠ᠃    ᠡᠨᠡ ᠬᠡᠳᠦᠨ ᠵᠢᠯ ᠳᠤ᠂ ᠬᠦᠷᠢᠶ᠎ᠡ ᠬᠤᠰᠢᠭᠤ ᠶᠢᠨ ᠵᠠᠰᠠᠭ ᠤᠨ ᠣᠷᠳᠣᠨ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ᠂ ᠭᠠᠵᠠᠷ ᠰᠢᠷᠣᠶ ᠶᠢᠨ ᠡᠷᠭᠢᠯᠲᠡ᠂ ᠵᠠᠬᠢᠶᠠᠯᠠᠭ᠎ᠠ ᠪᠠᠷ ᠳᠠᠷᠢᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠵᠠᠬᠢᠶᠠᠯᠠᠭ᠎ᠠ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠬᠦ ᠶᠢ ᠬᠥᠲᠥᠯᠥᠨ ᠵᠢᠯᠣᠭᠤᠤᠡᠴᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠬᠦᠴᠢᠷ ᠠᠰᠠᠭᠤᠳᠠᠯ ᠢ ᠰᠢᠢᠤᠡᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠦᠭᠦᠬᠡᠶ ᠮᠠᠲ᠋ᠧᠷᠢᠶᠠᠯ ᠨᠢ ᠲᠣᠭᠲᠠᠭᠤᠨ ᠪᠤᠰᠤ ᠪᠠᠶᠢᠬᠤ ᠦᠵᠡᠭᠳᠡᠯ ᠢ ᠪᠥᠲᠥᠮᠵᠢᠲᠠᠢ ᠰᠢᠢᠤᠡᠪᠦᠷᠢᠯᠡᠵᠠᠢ᠃ ᠣᠳᠣᠬᠠᠨ ᠳᠤ᠂ ᠪᠥᠬᠦ ᠬᠤᠰᠢᠭᠤᠨ ᠤ ᠵᠠᠬᠢᠶᠠᠯᠠᠭ᠎ᠠ ᠶᠢᠨ ᠲᠠᠷᠢᠶᠠᠯᠠᠩ ᠤᠨ ᠲᠠᠯᠠᠪᠠᠶ ᠨᠢᠭᠡᠨᠲᠡ 20 ᠲᠦᠮᠡᠨ ᠮᠥ ᠳᠤ ᠬᠦᠷᠴᠦ᠂ ᠲᠠᠷᠢᠶᠠᠴᠢᠨ ᠡᠷᠦᠬᠡ ᠶᠢᠨ ᠵᠢᠵᠢᠭ ᠦᠢᠯᠡᠳᠪᠦᠷᠢᠯᠡᠯ ᠪᠣᠯᠤᠨ ᠲᠣᠮᠣ ᠵᠠᠬ᠎ᠠ ᠳᠡᠯᠭᠡᠭᠦᠷ ᠢ ᠦᠨᠡᠨ ᠬᠦ ᠬᠤᠯᠪᠣᠵᠤ᠂ ᠲᠠᠷᠢᠶᠠᠴᠢᠳ ᠤᠨ ᠳᠠᠷᠢᠬᠤ ᠢᠳᠡᠪᠬᠢᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠥᠨ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号