︵ᠨᠢᠭᠡ︶ ᠲᠡᠵᠢᠭᠡᠬᠦ ᠨᠢᠭᠲᠠᠴᠠ᠃ ᠪᠣᠶᠢᠵᠢᠭᠤᠯᠣᠯᠲᠠ ᠶᠢᠨ ᠲᠠᠬᠢᠶ᠎ᠠ ᠶᠢ ᠭᠠᠵᠠᠷ ᠤᠨ ᠭᠠᠳᠠᠷᠭᠤ ᠳᠤ ᠲᠠᠷᠠᠬᠠᠢ | ᠲᠡᠵᠢᠭᠡᠭᠰᠡᠨ ᠴᠤ ᠲᠡᠷᠡ᠂ ᠰᠢᠩᠭᠡᠯᠢᠭ ᠳᠤᠲᠤᠷ᠎ᠠ ᠲᠡᠵᠢᠭᠡᠭᠰᠡᠨ ᠴᠤ ᠲᠡᠷᠡ ᠨᠢᠭᠲᠠᠴᠠ ᠶᠢ ᠪᠠᠷᠢᠮᠲᠠᠯᠠᠮᠠᠨᠵᠢᠨ ᠰᠠᠶ᠋ᠢ | ᠡᠷᠡᠭᠦᠯ ᠢᠶᠠᠷ ᠦᠰᠦᠨ ᠪᠣᠶᠢᠵᠢᠳᠠᠭ᠃ ᠵᠤᠬᠢᠰᠲᠠᠢ ᠨᠢᠭᠲᠠᠴᠠ᠂ ᠦᠭᠡᠷ᠎ᠡ ᠪᠠᠷ ᠬᠡᠯᠡᠪᠡᠯ ᠪᠠᠷᠢᠮᠵᠢᠶᠠᠨ ᠳᠤ ᠨᠡᠶᠢᠴᠡᠭᠰᠡᠨ | ᠨᠢᠭᠲᠠᠴᠠ ᠨᠢ ᠲᠠᠬᠢᠶᠠᠳ ᠲᠤ ᠬᠦᠳᠡᠯᠭᠡᠭᠡᠨ ᠬᠢᠬᠦ ᠵᠠᠢ ᠣᠯᠭᠤᠵᠣ᠂ ᠶᠠᠰᠤᠨ ᠤ ᠪᠣᠶᠢᠵᠢᠯᠲᠠ᠂ ᠪᠣᠯᠴᠢᠩ ᠤᠨ | ᠴᠢᠩᠭᠠᠷᠠᠯᠲᠠ ᠪᠠ ᠳᠤᠲᠤᠷ᠎ᠠ ᠡᠷᠬᠡᠲᠡᠨ ᠤ ᠪᠣᠶᠢᠵᠢᠯᠲᠠ ᠳᠤ ᠴᠦᠮ ᠠᠰᠢᠭᠲᠠᠢ ᠪᠠᠶᠢᠵᠤ᠂ ᠲᠠᠬᠢᠶᠠᠨ ᠤ ᠪᠦᠬᠦ | ᠲᠠᠯ᠎ᠠ ᠶᠢᠨ ᠴᠢᠨᠠᠷ ᠢ ᠳᠡᠭᠡᠭᠰᠢᠯᠡᠭᠦᠯᠳᠡᠭ᠃ ᠭᠠᠵᠠᠷ ᠳᠡᠭᠡᠷ᠎ᠡ ᠲᠠᠷᠠᠬᠠᠢ ᠲᠡᠵᠢᠭᠡᠪᠡᠯ 1 ᠺᠦᠸᠠᠳ᠋ ᠮᠧᠲᠷ ᠪᠦᠷᠢ ᠳᠤ | 10~12 ᠲᠠᠬᠢᠶ᠎ᠠ ᠲᠣᠬᠢᠷᠠᠭᠤᠯᠪᠠᠯ ᠵᠣᠬᠢᠰᠲᠠᠢ ᠪᠠᠶᠢᠳᠠᠭ᠃ ᠪᠣᠶᠢᠵᠢᠭᠤᠯᠣᠯᠲᠠ ᠶᠢᠨ ᠬᠤᠭᠤᠴᠠᠭᠠᠨ ᠤ ᠡᠮᠦᠨᠡᠬᠢ | ᠬᠡᠳᠦᠨ ᠭᠠᠷᠠᠭ ᠲᠤ ᠺᠦᠸᠠᠳ᠋ ᠮᠧᠲᠷ ᠪᠦᠷᠢ ᠳᠤ 12 ᠲᠠᠬᠢᠶ᠎ᠠ ᠲᠡᠵᠢᠭᠡᠵᠦ ᠪᠣᠯᠣᠨ᠎ᠠ᠃ ᠰᠡᠭᠦᠯᠴᠢ ᠶᠢᠨ ᠬᠡᠳᠦᠨ | ᠭᠠᠷᠠᠭ ᠲᠤ ᠺᠦᠸᠠᠳ᠋ ᠮᠧᠲᠷ ᠪᠦᠷᠢ ᠳᠤ 10 ᠲᠠᠬᠢᠶ᠎ᠠ ᠲᠡᠵᠢᠭᠡᠬᠦ ᠬᠡᠷᠡᠭᠲᠡᠢ᠃ ᠰᠢᠩᠭᠡᠯᠢᠭ ᠲᠤ ᠬᠤᠷᠢᠵᠤ ᠲᠡᠵᠢᠭᠡᠪᠡᠯ | ᠪᠠᠭᠲᠠᠭᠠᠮᠵᠢ ᠶᠢ ᠨᠢ ᠦᠵᠡᠵᠦ ᠪᠠᠶᠢᠭᠠᠳ 1 ᠺᠦᠸᠠᠳ᠋ ᠮᠧᠲᠷ ᠪᠦᠷᠢ ᠳᠤ 15~16 ᠲᠠᠬᠢᠶ᠎ᠠ ᠲᠡᠵᠢᠭᠡᠪᠡᠯ | ᠲᠣᠬᠢᠷᠠᠮᠵᠢᠲᠠᠢ ᠪᠠᠶᠢᠳᠠᠭ᠃ | ︵ᠬᠤᠶᠠᠷ︶ ᠪᠡᠯᠭᠡ ᠶᠢᠨ ᠪᠤᠯᠪᠠᠰᠤᠷᠠᠯᠲᠠ ᠶᠢ ᠨᠢ ᠡᠵᠡᠮᠰᠢᠬᠦ᠃ ᠪᠡᠯᠭᠡ ᠶᠢᠨ ᠪᠣᠯᠪᠠᠰᠤᠷᠠᠯᠲᠠ ᠨᠢ ᠬᠡᠲᠦᠷᠬᠡᠢ | ᠡᠷᠲᠡ ᠪᠣᠯ ᠬᠡᠳᠦ ᠡᠷᠲᠡ ᠦᠨᠳᠡᠭᠡᠯᠡᠵᠦ᠂ ᠦᠨᠳᠦᠷ ᠦᠨᠳᠡᠭᠡᠯᠡᠯᠲᠡ ᠶᠢᠨ ᠬᠤᠭᠤᠴᠠᠭ᠎ᠠ ᠨᠢ ᠪᠤᠭᠤᠨᠢᠰᠴᠤ᠂ ᠡᠷᠲᠡ | ᠬᠦᠭᠰᠢᠷᠡᠬᠦ᠂ ᠴᠦᠬᠡᠨ ᠦᠨᠳᠡᠭᠡᠯᠡᠬᠦ᠂ ᠦᠨᠳᠡᠭᠡ ᠨᠢ ᠵᠢᠵᠢᠭᠷᠡᠬᠦ ᠵᠡᠷᠭᠡ ᠦᠵᠡᠭᠳᠡᠯ ᠭᠠᠷᠬᠤ ᠪᠤᠯᠤᠨ᠎ᠠ᠃ ᠪᠡᠯᠭᠡ ᠶᠢᠨ | ᠪᠣᠯᠪᠠᠰᠤᠷᠠᠯᠲᠠ ᠨᠢ ᠬᠡᠳᠦ ᠤᠷᠤᠢ ᠪᠣᠯᠴᠢᠬᠠᠪᠠᠯ ᠦᠨᠳᠡᠭᠡᠨ ᠤ ᠭᠠᠷᠤᠯᠲᠠ ᠶᠢ ᠨᠦᠯᠦᠭᠡᠯᠡᠵᠦ ᠦᠷ᠎ᠡ ᠠᠰᠢᠭ ᠨᠢ | ᠪᠠᠭᠤᠷᠠᠳᠠᠭ᠃ ᠡᠶᠢᠮᠦ ᠠᠴᠠ ᠪᠡᠯᠭᠡ ᠶᠢᠨ ᠪᠤᠯᠪᠠᠰᠤᠷᠠᠯᠲᠠ ᠶᠢ ᠡᠷᠬᠡᠰᠢᠶᠡᠵᠦ ᠲᠤᠬᠢᠷᠠᠮᠵᠢᠲᠠᠢ ᠦᠶ᠎ᠡ ᠳᠤ | ᠦᠨᠳᠡᠭᠡᠯᠡᠭᠦᠯᠦᠨᠡ᠃ | ︵ᠭᠤᠷᠪᠠ︶ ᠲᠡᠵᠢᠭᠡᠬᠦ ᠪᠠᠭᠠᠵᠢ ᠬᠡᠷᠡᠭᠰᠡᠯ᠃ ᠠᠳᠠᠯᠢ ᠪᠤᠰᠤ ᠶᠢᠨ ᠲᠡᠵᠢᠭᠡᠬᠦ ᠠᠷᠭ᠎ᠠ ᠨᠢ ᠠᠳᠠᠯᠢ ᠪᠤᠰᠤ ᠶᠢᠨ | ᠪᠠᠭᠠᠵᠢ ᠶᠢ ᠬᠡᠷᠡᠭᠯᠡᠳᠡᠭ᠃ ᠲᠠᠬᠢᠶᠠᠨ ᠤ ᠪᠠᠶᠢᠷᠢ᠂ ᠪᠤᠷᠳᠤᠭᠠᠨ ᠤᠩᠭᠤᠴᠠ ᠪᠠ ᠤᠰᠤᠯᠠᠬᠤ ᠰᠠᠪᠠ ᠵᠡᠷᠭᠡ ᠶᠢ ᠪᠦᠷ | ᠲᠠᠬᠢᠶᠠᠨ ᠤ ᠪᠡᠯᠭᠡ ᠪᠤᠯᠪᠠᠰᠤᠷᠠᠬᠤ ᠱᠠᠭᠠᠷᠳᠠᠯᠭ᠎ᠠ ᠶᠢ ᠦᠨᠳᠦᠰᠦᠯᠡᠵᠦ ᠲᠤᠬᠢᠷᠠᠭᠤᠯᠬᠤ ᠬᠡᠷᠡᠭᠲᠡᠢ᠃ | ᠪᠣᠶᠢᠵᠢᠭᠤᠯᠣᠯᠲᠠ ᠶᠢᠨ ᠲᠠᠬᠢᠶᠠᠨ ᠤ ᠪᠤᠷᠳᠤᠭᠠᠨ ᠤᠩᠭᠤᠴᠠ ᠶᠢ 8 ᠰᠡᠨᠲ᠋ᠢᠮᠧᠲᠷ ᠪᠤᠶᠤ 45 ᠰᠡᠨᠲ᠋ᠢᠮᠧᠲᠷ ᠭᠠᠷᠤᠢ | ᠫᠢᠯᠠ ᠶᠢᠨ ᠬᠡᠯᠪᠡᠷᠢᠲᠡᠢ ᠲᠤᠭᠤᠷᠢᠭ ᠪᠠᠶᠢᠷᠢᠯᠠᠭᠤᠯᠵᠤ᠂ ᠲᠠᠬᠢᠶᠠᠳ ᠤᠨ ᠢᠳᠡᠰᠢ ᠪᠤᠯᠢᠶᠠᠯᠴᠠᠬᠤ ᠠᠴᠠ ᠰᠡᠷᠭᠡᠶᠢᠯᠡᠬᠦ | ᠬᠡᠷᠡᠭᠲᠡᠢ᠃ ᠤᠰᠤᠯᠠᠬᠤ ᠰᠠᠪᠠ ᠨᠢ 2 ᠰᠡᠨᠲ᠋ᠢᠮᠧᠲᠷ ᠪᠠᠶᠢᠪᠠᠯ ᠲᠤᠬᠢᠷᠠᠮᠵᠢᠲᠠᠢ ᠪᠠᠶᠢᠳᠠᠭ᠂ ᠳᠡᠭᠡᠷᠡᠬᠢ ᠪᠣᠯ ᠬᠠᠮᠤᠭ | ᠳᠤᠤᠷ᠎ᠠ ᠪᠠᠷᠢᠮᠵᠢᠶ᠎ᠠ ᠪᠣᠯᠣᠨ᠎ᠠ᠃ ᠲᠠᠬᠢᠶᠠᠳ ᠤᠨ ᠣᠯᠠᠨ ᠴᠦᠬᠡᠨ ᠪᠠ ᠡᠯ᠎ᠡ ᠲᠠᠯ᠎ᠠ ᠶᠢᠨ ᠨᠦᠭᠦᠴᠡᠯ ᠢᠶᠠᠨ | ᠦᠨᠳᠦᠰᠦᠯᠡᠵᠦ ᠪᠤᠷᠳᠤᠭᠠᠨ ᠤᠩᠭᠤᠴᠠ ᠪᠠ ᠤᠰᠤᠯᠠᠬᠤ ᠰᠠᠪᠠ ᠶᠢ ᠶᠡᠭᠡ ᠰᠢᠭ ᠪᠡᠯᠡᠳᠭᠡᠪᠡᠯ ᠲᠠᠬᠢᠶᠠᠳ ᠤᠨ | ᠪᠣᠶᠢᠵᠢᠯᠲᠠ ᠳᠤ ᠨᠡᠩ ᠴᠢᠯᠦᠭᠡᠲᠡᠢ ᠨᠡᠩ ᠠᠰᠢᠭᠲᠠᠢ ᠪᠠᠶᠢᠳᠠᠭ᠃ ᠡᠳᠡᠭᠡᠷ ᠢ ᠪᠤᠳᠠᠲᠠᠢ ᠨᠦᠭᠦᠴᠡᠯ ᠢᠶᠠᠨ ᠦᠵᠡᠵᠦ | ᠪᠠᠶᠢᠭᠠᠳ ᠲᠣᠬᠢᠷᠠᠭᠤᠯᠬᠤ ᠬᠡᠷᠡᠭᠲᠡᠢ᠃ | ︵ᠳᠦᠷᠪᠡ︶ ᠰᠠᠯᠬᠢ ᠠᠭᠠᠷ ᠨᠡᠪᠲᠡᠷᠡᠭᠦᠯᠬᠦ᠃ ᠪᠣᠶᠢᠵᠢᠭᠤᠯᠣᠯᠲᠠ ᠶᠢᠨ ᠲᠠᠬᠢᠶ᠎ᠠ ᠨᠢ ᠤᠷᠴᠢᠨ ᠲᠤᠭᠤᠷᠢᠨ ᠳᠤ | ᠵᠣᠬᠢᠴᠠᠬᠤ ᠴᠢᠳᠠᠮᠵᠢ ᠪᠠᠷ ᠬᠡᠳᠦᠶᠢᠪᠡᠷ ᠰᠠᠶᠢᠨ ᠪᠠᠶᠢᠳᠠᠭ ᠪᠤᠯᠪᠠᠴᠤ ᠦᠰᠦᠯᠲᠡ ᠪᠣᠶᠢᠵᠢᠯᠲᠠ ᠪᠠ ᠢᠳᠡᠰᠢᠯᠡᠬᠦ | ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠣᠨ ᠰᠢᠨ᠎ᠡ ᠬᠠᠭᠤᠴᠢᠨ ᠤ ᠰᠣᠯᠢᠯᠴᠠᠭ᠎ᠠ ᠨᠢ ᠴᠤ ᠴᠢᠩᠭᠠᠷᠠᠳᠠᠭ ᠪᠣᠯᠬᠤᠷ ᠪᠠᠶᠢᠷᠢ | ᠳᠤᠲᠤᠷ᠎ᠠ ᠠᠭᠤᠷ ᠠᠮᠢᠰᠬᠤᠯ ᠪᠦᠭᠴᠢᠮ ᠪᠣᠯ ᠡᠷᠡᠭᠦᠯ ᠢᠶᠠᠷ ᠦᠰᠬᠦ ᠶᠢ ᠨᠢ ᠬᠠᠷᠰᠢᠯᠠᠳᠠᠭ᠃ ᠡᠶᠢᠮᠦ ᠠᠴᠠ ᠰᠠᠯᠬᠢ | ᠠᠭᠠᠷ ᠢ ᠵᠣᠬᠢᠰᠲᠠᠢ ᠨᠡᠪᠲᠡᠷᠡᠭᠦᠯᠵᠦ ᠲᠠᠬᠢᠶᠠᠳ ᠤᠨ ᠪᠦᠲᠡᠩᠰᠡᠬᠦ ᠠᠴᠠ ᠪᠣᠯᠵᠣ᠂ ᠡᠯᠳᠡᠪ ᠵᠦᠢᠯ ᠤᠨ ᠡᠪᠡᠳᠴᠢᠨ | ᠬᠢᠵᠢᠭ ᠲᠤ ᠨᠡᠷᠪᠡᠭᠳᠡᠬᠦ ᠶᠢ ᠬᠢᠴᠢᠶᠡᠬᠦ ᠬᠡᠷᠡᠭᠲᠡᠢ᠃ ᠨᠢᠭᠡᠨ ᠪᠠᠷᠢᠮᠵᠢᠶᠠᠨ ᠳᠤ ᠨᠡᠶᠢᠴᠡᠭᠰᠡᠨ ᠲᠠᠬᠢᠶ᠎ᠠ ᠲᠡᠵᠢᠭᠡᠬᠦ ᠲᠠᠯᠠᠪᠠᠢ | ᠨᠢ ᠲᠠᠬᠢᠶᠠᠨ ᠪᠠᠶᠢᠷᠢ ᠶᠢᠨ ᠳᠤᠯᠠᠭᠠᠨ ᠤ ᠬᠡᠮᠵᠢᠶ᠎ᠡ ᠶᠢ ᠪᠠᠷᠢᠮᠲᠠᠯᠠᠭᠰᠠᠨ ᠨᠦᠭᠦᠴᠡᠯ ᠳᠤᠤᠷ᠎ᠠ ᠰᠠᠯᠬᠢ ᠠᠭᠠᠷ ᠢ ᠰᠠᠶᠢᠲᠤᠷ | ᠨᠡᠪᠲᠡᠷᠡᠭᠦᠯᠬᠦ ᠶᠢ ᠤᠨᠳᠤᠭᠠᠶᠢᠯᠠᠵᠤ ᠪᠣᠯᠬᠤ ᠦᠭᠡᠢ ᠶᠤᠮ᠃ | ᠡᠪᠦᠯ ᠬᠠᠪᠤᠷ ᠤᠨ ᠬᠤᠭᠤᠴᠠᠭᠠᠨ ᠳᠤ ᠠᠭᠤᠷ ᠠᠮᠢᠰᠬᠤᠯ ᠬᠦᠢᠲᠡᠨ ᠠᠴᠠ ᠪᠣᠯᠵᠣ ᠬᠦᠮᠦᠰ ᠶᠡᠷᠦ ᠠᠴᠠ | ᠰᠠᠯᠬᠢ ᠵᠢᠪᠠᠷ ᠨᠡᠪᠲᠡᠷᠡᠭᠦᠯᠬᠦ ᠶᠢ ᠤᠮᠳᠤᠭᠠᠶᠢᠯᠠᠳᠠᠭ᠃ ᠡᠭᠦᠨ ᠠᠴᠠ ᠪᠣᠯᠵᠣ ᠲᠠᠬᠢᠶᠠᠨ ᠤ ᠪᠠᠶᠢᠷᠢ ᠳᠤ ᠶᠡᠭᠡ | ᠬᠡᠮᠵᠢᠶᠡᠨ ᠤ ᠰᠢᠪᠲᠤᠷ ᠤᠨ ᠬᠡᠢ ᠡᠭᠦᠰᠬᠦ ᠮᠦᠷᠲᠡᠭᠡᠨ ᠲᠤᠭᠤᠰᠤ ᠰᠢᠷᠤᠢ ᠪᠤᠲᠠᠷᠠᠨ ᠮᠦᠬᠡᠷᠰᠦᠨ ᠬᠤᠭᠤᠯᠠᠢ ᠶᠢᠨ | ᠡᠪᠡᠳᠴᠢᠨ ᠳᠡᠯᠭᠡᠷᠡᠵᠦ ᠲᠠᠬᠢᠶᠠᠨ ᠤ ᠦᠰᠦᠯᠲᠡ ᠪᠣᠶᠢᠵᠢᠯᠲᠠ ᠶᠢ ᠨᠦᠯᠦᠭᠡᠯᠡᠨ ᠦᠬᠦᠵᠦ ᠬᠤᠬᠢᠷᠠᠬᠤ ᠨᠤᠷᠮ᠎ᠠ ᠶᠢ | ᠳᠡᠭᠡᠭᠰᠢᠯᠡᠭᠦᠯᠳᠡᠭ᠂ ᠡᠶᠢᠮᠦ ᠠᠴᠠ ᠠᠭᠤᠷ ᠠᠮᠢᠰᠬᠤᠯ ᠬᠦᠢᠲᠡᠨ ᠤᠯᠠᠷᠢᠯ ᠳᠤ ᠴᠤ ᠵᠤᠬᠢᠬᠤ ᠬᠡᠮᠵᠢᠶ᠎ᠡ ᠪᠠᠷ ᠰᠠᠯᠬᠢ | ᠠᠭᠠᠷ ᠨᠡᠪᠲᠡᠷᠡᠭᠦᠯᠵᠦ᠂ ᠠᠭᠠᠷ ᠤᠨ ᠰᠣᠯᠢᠯᠴᠠᠭ᠎ᠠ ᠶᠢ ᠰᠠᠶᠢᠲᠤᠷ ᠬᠢᠬᠦ ᠬᠡᠷᠡᠭᠲᠡᠢ᠃ | ︵ᠲᠠᠪᠤ︶ ᠲᠡᠵᠢᠭᠡᠬᠦ ᠠᠷᠭ᠎ᠠ ᠪᠠᠷᠢᠯ᠃ ᠲᠡᠵᠢᠭᠡᠬᠦ ᠠᠷᠭ᠎ᠠ ᠪᠠᠷᠢᠯ ᠳᠤ ᠭᠠᠵᠠᠷ ᠲᠤ ᠲᠠᠷᠠᠬᠠᠢ ᠲᠡᠵᠢᠭᠡᠬᠦ᠂ ᠲᠤᠤᠷ | ᠳᠡᠭᠡᠷ᠎ᠡ ᠲᠠᠷᠠᠬᠠᠢ ᠲᠡᠵᠢᠭᠡᠬᠦ ᠪᠠ ᠲᠤᠤᠷᠯᠠᠵᠤ ᠪᠢᠲᠡᠭᠦᠦ ᠲᠡᠵᠢᠭᠡᠬᠦ᠂ ᠰᠢᠩᠭᠡᠯᠢᠭ ᠲᠤ ᠬᠤᠷᠢᠵᠤ ᠲᠡᠵᠢᠭᠡᠬᠦ ᠵᠡᠷᠭᠡ | ᠪᠠᠶᠢᠳᠠᠭ᠃ ᠶᠠᠮᠠᠷ ᠬᠡᠯᠪᠡᠷᠢ ᠪᠠᠷ ᠲᠡᠵᠢᠭᠡᠭᠰᠡᠨ ᠴᠤ ᠬᠠᠮᠢᠶ᠎ᠠ ᠦᠭᠡᠢ ᠲᠡᠵᠢᠭᠡᠬᠦ ᠨᠢᠭᠲᠠᠴᠠ ᠨᠢ ᠬᠡᠲᠦᠷᠬᠡᠢ ᠶᠡᠭᠡ ᠪᠣᠯ | ᠬᠠᠷᠢᠯᠴᠠᠨ ᠰᠢᠬᠠᠯᠳᠣᠵᠣ᠂ ᠢᠳᠡᠰᠢᠯᠡᠬᠦ ᠬᠡᠮᠵᠢᠶ᠎ᠡ ᠨᠢ ᠲᠡᠩᠴᠡᠭᠦᠷᠢ ᠪᠠᠨ ᠠᠯᠳᠠᠭᠠᠳ ᠦᠰᠦᠯᠲᠡ ᠪᠣᠶᠢᠵᠢᠯᠲᠠ ᠨᠢ | ᠵᠢᠭᠲᠡ ᠪᠤᠰᠤ ᠪᠤᠯᠳᠠᠭ᠂ ᠬᠡᠷᠪᠡ ᠨᠢᠭᠲᠠᠴᠠ ᠨᠢ ᠪᠠᠭ᠎ᠠ ᠪᠣᠯ ᠳᠤᠯᠠᠭᠠᠨ ᠢ ᠬᠠᠮᠠᠭᠠᠯᠠᠬᠤ ᠳᠤ ᠬᠦᠴᠢᠷ ᠮᠦᠷᠲᠡᠭᠡᠨ | ᠬᠦᠮᠦᠨ ᠤ ᠬᠦᠴᠦ ᠪᠠᠷ ᠲᠠᠬᠢᠶᠠᠨ ᠤ ᠢᠳᠡᠬᠦ ᠬᠡᠮᠵᠢᠶ᠎ᠡ ᠶᠢ ᠬᠢᠵᠠᠭᠠᠷᠯᠠᠬᠤ ᠪᠤᠯᠬᠤᠷ ᠦᠷᠲᠡᠭ ᠨᠢ ᠶᠡᠭᠡ ᠪᠤᠯᠳᠠᠭ᠃ | ᠭᠡᠪᠡᠴᠦ ᠡᠨᠡ ᠨᠢ ᠢᠳᠡᠬᠦ ᠬᠡᠮᠵᠢᠶ᠎ᠡ ᠶᠢ ᠨᠢ ᠬᠢᠵᠠᠭᠠᠷᠯᠠᠬᠤ ᠪᠠᠷ ᠳᠠᠮᠵᠢᠨ ᠲᠠᠬᠢᠶᠠᠨ ᠤ ᠦᠰᠦᠯᠲᠡ ᠪᠤᠶᠢᠵᠢᠯᠲᠠ ᠪᠠ | ᠡᠷᠲᠡ ᠪᠡᠯᠭᠡ ᠪᠣᠯᠪᠠᠰᠤᠷᠠᠬᠤ ᠶᠢ ᠬᠢᠵᠠᠭᠠᠷᠯᠠᠬᠤ ᠶᠢᠨ ᠳᠠᠭᠠᠤ ᠳᠤ ᠲᠡᠵᠢᠭᠡᠯ ᠪᠤᠷᠳᠤᠭ᠎ᠠ ᠶᠢ ᠵᠤᠬᠢᠬᠤ ᠬᠡᠮᠵᠢᠶ᠎ᠡ ᠪᠠᠷ | ᠠᠷᠪᠢᠯᠠᠬᠤ ᠳᠠᠪᠠᠭᠤᠯᠢᠭ ᠲᠠᠯ᠎ᠠ ᠲᠠᠢ ᠪᠠᠶᠢᠳᠠᠭ᠃ ᠪᠣᠶᠢᠵᠢᠭᠤᠯᠤᠯᠲᠠ ᠶᠢᠨ ᠲᠠᠬᠢᠶ᠎ᠠ ᠶᠢ ᠶᠡᠷᠦ ᠳᠡᠭᠡᠨ 9 ᠭᠠᠷᠠᠭ | ᠨᠠᠰᠤᠨ ᠠᠴᠠ ᠡᠬᠢᠯᠠᠵᠦ ᠬᠡᠮᠵᠢᠶᠡᠲᠡᠢ ᠲᠡᠵᠢᠭᠡᠨ᠎ᠡ᠂ ᠬᠡᠮᠵᠢᠶᠡᠲᠡᠢ ᠲᠡᠵᠢᠭᠡᠬᠦ ᠳᠡᠭᠡᠨ ᠶᠡᠷᠦ ᠶᠢᠨ ᠢᠳᠡᠬᠦ ᠬᠡᠮᠵᠢᠶᠡᠨ ᠤ | 80%~90% ᠪᠠᠷ ᠲᠡᠵᠢᠭᠡᠬᠦ ᠪᠠ ᠰᠢᠮ᠎ᠡ ᠲᠡᠵᠢᠭᠡᠯ ᠤᠨ ᠠᠭᠤᠯᠤᠭᠳᠠᠴᠠ ᠶᠢ ᠳᠤᠷᠤᠭᠰᠢᠯᠠᠭᠤᠯᠵᠤ ᠲᠡᠵᠢᠭᠡᠬᠦ | ᠵᠡᠷᠭᠡ ᠠᠷᠭ᠎ᠠ ᠶᠢ ᠠᠪᠳᠠᠭ᠃ | ᠲᠡᠵᠢᠭᠡᠯ ᠪᠤᠷᠳᠤᠭ᠎ᠠ ᠶᠢ ᠰᠣᠯᠢᠬᠤ ᠴᠢᠬᠤᠯᠠ ᠲᠠᠢ ᠦᠶ᠎ᠡ ᠳᠤ ᠠᠯᠭᠤᠷ ᠰᠣᠯᠢᠬᠤ ᠬᠡᠷᠡᠭᠲᠡᠢ᠂ ᠲᠡᠷᠡ | ᠮᠦᠷᠲᠡᠭᠡᠨ ᠲᠤᠭᠲᠠᠭᠰᠠᠨ ᠬᠤᠭᠤᠴᠠᠭ᠎ᠠ ᠲᠠᠢ ᠲᠡᠵᠢᠭᠡᠨ᠂ ᠡᠳᠦᠷ ᠪᠦᠷᠢ ᠶᠢᠨ ᠦᠳᠡ ᠶᠢᠨ ᠬᠤᠶᠢᠨᠠᠬᠢ 4~5 | ᠴᠠᠭ ᠤᠨ ᠬᠤᠭᠤᠷᠤᠨᠳᠤ ᠪᠤᠷᠳᠤᠭᠠᠨ ᠤ ᠤᠩᠭᠤᠴᠠ ᠶᠢ ᠨᠢᠭᠡ ᠤᠳᠠᠭ᠎ᠠ ᠰᠠᠶᠢᠲᠤᠷ ᠴᠡᠪᠡᠷᠯᠡᠨ᠎ᠡ᠃ | ︵ᠵᠢᠷᠭᠤᠭ᠎ᠠ︶ ᠲᠤᠩᠰᠢᠬᠤ ᠳᠠᠳᠬᠠᠯ ᠲᠠᠢ ᠪᠣᠯᠬᠤ ᠠᠴᠠ ᠰᠡᠷᠭᠡᠶᠢᠯᠡᠬᠦ᠃ ᠲᠤᠩᠰᠢᠬᠤ ᠭᠡᠮ ᠲᠠᠢ ᠪᠣᠯᠬᠤ ᠠᠴᠠ | ᠰᠡᠷᠭᠡᠶᠢᠯᠡᠬᠦ ᠪᠣᠯ ᠪᠣᠶᠢᠵᠢᠭᠤᠯᠣᠯᠲᠠ ᠶᠢᠨ ᠲᠠᠬᠢᠶᠠᠨ ᠤ ᠬᠠᠮᠢᠶᠠᠷᠤᠯᠲᠠ ᠶᠢᠨ ᠪᠠᠰᠠ ᠨᠢᠭᠡᠨ ᠴᠢᠬᠤᠯᠠ ᠠᠭᠤᠯᠭ᠎ᠠ ᠪᠣᠯᠬᠤ | ᠶᠣᠮ᠃ ᠡᠭᠦᠨ ᠳᠤ ᠵᠦᠪᠬᠡᠨ ᠲᠠᠬᠢᠶᠠᠳ ᠤᠨ ᠬᠤᠰᠢᠭᠤ ᠶᠢ ᠨᠢ ᠳᠠᠭᠠᠷᠢᠭᠠᠳ ᠪᠣᠯᠬᠤ ᠶᠣᠮ ᠪᠢᠰᠢ᠂ ᠡᠭᠦᠨ ᠤ | ᠳᠠᠭᠠᠣ ᠳᠤ ᠪᠠᠶᠢᠷᠢ ᠶᠢᠨ ᠤᠷᠴᠢᠨ ᠲᠤᠭᠤᠷᠢᠨ ᠢ ᠨᠠᠮ ᠵᠢᠮ᠂ ᠡᠶᠡᠪᠡᠷᠭᠦᠦ ᠲᠤᠬᠢᠷᠠᠭᠤᠯᠵᠤ᠂ ᠵᠤᠬᠢᠬᠤ ᠳᠤᠯᠠᠭᠠᠨ ᠤ | ᠬᠡᠮᠵᠢᠶ᠎ᠡ ᠪᠠ ᠠᠭᠠᠷ ᠨᠠᠪᠲᠠᠷᠡᠴᠡ ᠶᠢ ᠪᠠᠷᠢᠮᠲᠠᠯᠠᠵᠤ᠂ ᠨᠢᠭᠲᠠᠴᠠ ᠶᠢ ᠰᠡᠶᠢᠷᠡᠭᠵᠢᠭᠦᠯᠬᠦ ᠬᠡᠷᠡᠭᠲᠡᠢ᠃ ᠡᠭᠦᠨ ᠠᠴᠠ | ᠭᠠᠳᠠᠨ᠎ᠠ ᠲᠠᠬᠢᠶᠠᠳ ᠢ ᠴᠠᠭ ᠴᠠᠭ ᠲᠤᠨᠢ ᠲᠤᠭᠲᠠᠭᠰᠠᠨ ᠬᠡᠮᠵᠢᠶ᠎ᠡ ᠪᠠᠷ ᠲᠡᠵᠢᠭᠡᠵᠦ᠂ ᠪᠤᠷᠳᠤᠭᠠᠨ ᠣᠩᠭᠤᠴᠠ ᠶᠢ | ᠬᠤᠭᠤᠰᠤᠨ ᠪᠠᠶᠢᠯᠭᠠᠬᠤ ᠠᠴᠠ ᠵᠠᠶᠢᠯᠠᠰᠭᠢᠬᠦ ᠬᠡᠷᠡᠭᠲᠡᠢ᠃ | ︵ᠳᠣᠯᠤᠭ᠎ᠠ︶ ᠬᠠᠶᠢᠷ ᠴᠢᠯᠠᠭᠤ ᠪᠠᠷ ᠲᠡᠵᠢᠭᠡᠬᠦ᠃ ᠲᠠᠬᠢᠶᠠᠨ ᠤ ᠪᠤᠷᠳᠤᠭᠠᠨ ᠳᠤᠨᠢ ᠬᠠᠶᠢᠷ ᠴᠢᠯᠠᠭᠤ ᠬᠤᠯᠢᠪᠠᠯ | ᠪᠤᠷᠳᠤᠭᠠᠨ ᠤ ᠰᠢᠩᠭᠡᠭᠡᠯᠲᠡ ᠶᠢᠨ ᠨᠤᠷᠮ᠎ᠠ ᠶᠢ ᠠᠬᠢᠭᠤᠯᠳᠠᠭ᠃ ᠲᠡᠷᠡ ᠮᠦᠷᠲᠡᠭᠡᠨ ᠬᠤᠨᠤᠭ ᠤᠨ ᠪᠤᠷᠳᠤᠭᠠᠨ ᠳᠠᠬᠢ | ᠤᠭᠤᠷᠠᠭ ᠪᠣᠯᠣᠨ ᠡᠨᠧᠷᠬᠢ ᠨᠢ ᠲᠠᠬᠢᠶᠠᠨ ᠤ ᠪᠣᠯᠴᠢᠩᠲᠤ ᠬᠤᠳᠤᠭᠤᠳᠤ ᠳᠤ ᠤᠳᠠᠭᠠᠨ ᠤᠷᠤᠰᠢᠭᠰᠠᠨ ᠠᠴᠠ ᠪᠣᠯᠵᠣ | ᠪᠣᠯᠴᠢᠩᠲᠤ ᠬᠤᠳᠤᠭᠤᠳᠤ ᠶᠢᠨ ᠬᠠᠨ᠎ᠠ ᠳᠤ ᠨᠢᠭᠡ ᠬᠡᠮᠵᠢᠶᠡᠨ ᠤ ᠢᠯᠵᠢᠷᠡᠭᠦᠯᠬᠦ ᠦᠢᠯᠡᠳᠦᠯ ᠦᠵᠡᠭᠦᠯᠳᠡᠭ᠃ | ᠡᠭᠦᠨ ᠳᠤ ᠬᠠᠶᠢᠷ ᠴᠢᠯᠠᠭᠤ ᠨᠢ ᠪᠤᠷᠳᠤᠭᠠᠨ ᠤ ᠪᠣᠯᠴᠢᠩᠲᠤ ᠬᠤᠳᠤᠭᠤᠳᠤ ᠪᠠᠷ ᠦᠩᠭᠡᠷᠡᠬᠦ ᠶᠠᠪᠤᠴᠠ ᠶᠢ | ᠬᠤᠷᠳᠤᠳᠬᠠᠳᠠᠭ᠃ ᠬᠠᠶᠢᠷ ᠴᠢᠯᠠᠭᠤ ᠪᠠᠷ ᠲᠡᠵᠢᠭᠡᠪᠡᠯ ᠪᠠᠰᠠ ᠲᠠᠬᠢᠶᠠᠨ ᠤ ᠬᠠᠶᠠᠭᠳᠠᠮᠠᠯ ᠡᠳ᠋᠂ ᠦᠳᠦ ᠨᠤᠯᠤᠤᠷ᠂ | ᠰᠢᠯ ᠤᠨ ᠬᠠᠭᠠᠷᠬᠠᠢ ᠵᠡᠷᠭᠡ ᠶᠢ ᠢᠳᠡᠵᠦ ᠬᠤᠳᠤᠭᠤᠳᠤ ᠪᠠᠨ ᠭᠡᠮᠲᠦᠭᠡᠬᠦ ᠶᠢ ᠨᠢ ᠰᠡᠷᠭᠡᠶᠢᠯᠡᠳᠡᠭ᠃ | ᠬᠠᠶᠢᠷ ᠴᠢᠯᠠᠭᠤ ᠶᠢ ᠪᠤᠷᠳᠤᠭᠠᠨ ᠳᠤᠨᠢ ᠬᠤᠯᠢᠬᠤ ᠦᠶ᠎ᠡ ᠳᠤ ᠬᠡᠮᠵᠢᠶ᠎ᠡ ᠪᠠ ᠮᠦᠬᠦᠯᠢᠭ ᠤᠨ ᠶᠡᠭᠡ ᠪᠠᠭ᠎ᠠ ᠶᠢ | ᠨᠢ ᠲᠠᠭᠠᠷᠠᠭᠤᠯᠬᠤ ᠶᠢ ᠠᠩᠬᠠᠷᠬᠤ ᠬᠡᠷᠡᠭᠲᠡᠢ᠃ ᠵᠢᠱᠢᠶᠡᠯᠡᠪᠡᠯ 1000 ᠪᠤᠶᠢᠵᠢᠭᠤᠯᠤᠯᠲᠠ ᠶᠢᠨ ᠲᠠᠬᠢᠶᠠᠨ ᠤ 5~8 | ᠭᠠᠷᠠᠭ ᠨᠠᠰᠤᠨ ᠳᠤ ᠬᠦᠷᠦᠭᠰᠡᠨ ᠳᠤᠨᠢ 4.5 ᠺᠢᠯᠤᠭ᠍ᠷᠡᠮ ᠦᠭᠴᠦ᠂ 1 ᠮᠢᠯᠢᠯᠢᠲᠷ ᠤᠨ ᠬᠡᠮᠵᠢᠶ᠎ᠡ ᠲᠠᠢ | ᠰᠢᠭᠰᠢᠭᠦᠷ ᠤᠨ ᠨᠦᠬᠡ ᠪᠠᠷ ᠤᠷᠤᠵᠤ ᠳᠡᠶᠢᠯᠬᠦ ᠶᠢ ᠪᠠᠲᠤᠯᠠᠨ᠎ᠠ᠃ 9~12 ᠭᠠᠷᠠᠭ ᠨᠠᠰᠤᠨ ᠳᠤ ᠬᠦᠷᠦᠭᠰᠡᠨ | ᠲᠠᠬᠢᠶᠠᠨ ᠳᠤ ᠰᠢᠭᠰᠢᠭᠦᠷ ᠤᠨ ᠨᠦᠬᠡ ᠪᠠᠷ ᠤᠷᠤᠵᠤ ᠳᠡᠶᠢᠯᠬᠦ ᠶᠢ ᠪᠠᠷᠤᠭ 9 ᠺᠢᠯᠦᠭᠷᠡᠮ ᠦᠭᠴᠦ᠂ 13~20 | ᠭᠠᠷᠠᠭ ᠨᠠᠰᠤᠨ ᠳᠤ ᠬᠦᠷᠦᠭᠰᠡᠨ ᠲᠠᠬᠢᠶᠠᠨ ᠳᠤ 3 ᠮᠢᠯᠢᠯᠢᠲᠷ ᠤᠨ ᠰᠢᠭᠰᠢᠭᠦᠷ ᠤᠨ ᠨᠦᠬᠡ ᠪᠠᠷ ᠤᠷᠤᠵᠤ ᠳᠡᠶᠢᠯᠬᠦ | ᠬᠠᠶᠢᠷ ᠴᠢᠯᠠᠭᠤᠨ ᠤ ᠮᠦᠬᠦᠯᠢᠭ ᠢ 1 ᠺᠢᠯᠦᠭᠷᠡᠮ ᠦᠭᠭᠦᠨ᠎ᠡ᠃ ᠭᠡᠬᠦ ᠳᠡᠭᠡᠨ ᠬᠠᠶᠢᠷ ᠤᠨ ᠮᠦᠬᠦᠯᠢᠭ ᠢ ᠡᠷᠬᠡᠪᠰᠢ | ᠣᠬᠢᠶᠠᠵᠤ ᠴᠡᠪᠡᠷᠯᠡᠭᠰᠡᠨ ᠤ ᠰᠡᠭᠦᠯᠡᠷ ᠦᠭᠬᠦ ᠬᠡᠷᠡᠭᠲᠡᠢ᠃ | ︵ᠨᠠᠢᠮᠠ︶ ᠠᠷᠢᠭᠤᠨ ᠴᠡᠪᠡᠷ ᠢ ᠠᠩᠬᠠᠷᠴᠤ ᠴᠠᠷᠤᠯᠲᠠ ᠶᠢᠨ ᠸᠠᠺᠼᠢᠨ ᠲᠠᠷᠢᠬᠤ᠃ ᠴᠠᠷᠤᠯᠲᠠ ᠶᠢᠨ ᠸᠠᠺᠼᠢᠨ | ᠲᠠᠷᠢᠬᠤ ᠶᠢ ᠲᠤᠰᠬᠠᠢ ᠮᠡᠷᠭᠡᠵᠢᠯᠲᠡᠨ ᠤ ᠵᠢᠯᠤᠭᠤᠳᠤᠯᠭ᠎ᠠ ᠳᠤᠤᠷ᠎ᠠ ᠴᠤᠷᠪᠠᠭ᠎ᠠ ᠶᠢᠨ ᠨᠢᠯᠬ᠎ᠠ ᠦᠶ᠎ᠡ ᠳᠤᠨᠢ ᠲᠤᠬᠠᠢ ᠶᠢᠨ | ᠪᠠᠶᠢᠳᠠᠯ ᠢᠶᠠᠨ ᠦᠵᠡᠵᠦ ᠪᠠᠶᠢᠭᠠᠳ ᠲᠤᠬᠢᠷᠠᠭᠤᠯᠵᠤ ᠭᠦᠢᠴᠡᠳᠭᠡᠭᠰᠡᠨ ᠪᠠᠶᠢᠬᠤ ᠬᠡᠷᠡᠭᠲᠡᠢ᠃ ᠡᠭᠦᠨ ᠳᠤ | ᠰᠡᠷᠭᠡᠶᠢᠯᠡᠯᠲᠡ ᠶᠢᠨ ᠲᠦᠰᠦᠪ ᠨᠢ ᠤᠷᠤᠶᠢᠲᠠᠬᠤ᠂ ᠬᠠᠮᠢᠶᠠᠷᠤᠯᠲᠠ ᠨᠢ ᠪᠤᠷᠤᠭᠤᠳᠠᠬᠤ᠂ ᠡᠮ ᠨᠢ ᠬᠠᠭᠤᠴᠢᠷᠠᠬᠤ᠂ | ᠵᠦᠪ ᠪᠤᠰᠤ ᠪᠠᠷ ᠬᠡᠷᠡᠭᠯᠡᠬᠦ ᠶᠢ ᠤᠨᠴᠠᠭᠠᠢ ᠠᠩᠬᠠᠷᠬᠤ ᠬᠡᠷᠡᠭᠲᠡᠢ᠃ ᠪᠣᠶᠢᠵᠢᠭᠤᠯᠣᠯᠲᠠ ᠶᠢᠨ ᠬᠤᠭᠤᠴᠠᠭᠠᠨ ᠳᠠᠬᠢ | ᠬᠢᠵᠢᠭ ᠤᠨ ᠰᠡᠷᠭᠡᠶᠢᠯᠡᠯᠲᠡ ᠨᠢ ᠲᠤᠩ ᠴᠢᠬᠤᠯᠠ ᠪᠠᠶᠢᠵᠤ᠂ ᠴᠢᠨᠠᠷ ᠪᠤᠯᠤᠨ ᠬᠡᠮᠵᠢᠶ᠎ᠡ ᠶᠢ ᠵᠦᠪ ᠤᠨᠤᠪᠴᠢᠲᠠᠢ | ᠠᠳᠬᠤᠬᠤ ᠪᠣᠯ ᠵᠠᠩᠭᠢᠯᠠᠭ᠎ᠠ ᠪᠣᠯᠣᠨ᠎ᠠ᠃ | ᠤᠰᠤᠯᠠᠬᠤ ᠬᠡᠯᠪᠡᠷᠢ ᠪᠠᠷ ᠰᠡᠷᠭᠡᠶᠢᠡᠯᠡᠯᠲᠡ ᠶᠢᠨ ᠡᠮ ᠢ ᠦᠭᠬᠦ ᠳᠤ ᠤᠷᠢᠳ ᠢᠶᠠᠷ 2~4 ᠴᠠᠭ ᠤᠰᠤᠯᠠᠬᠤ | ᠦᠭᠡᠢ ᠪᠠᠶᠢᠯᠭᠠᠵᠤ᠂ ᠡᠳᠦᠷ ᠲᠤ ᠤᠤᠭᠤᠬᠤ ᠤᠰᠤᠨ ᠤ ᠬᠡᠮᠵᠢᠶ᠎ᠡ ᠶᠢ ᠦᠨᠳᠦᠰᠦᠯᠡᠵᠦ ᠪᠠᠶᠢᠭᠠᠳ ᠰᠡᠷᠭᠡᠶᠢᠯᠡᠯᠲᠡ ᠶᠢᠨ | ᠡᠮ ᠤᠨ ᠬᠡᠮᠵᠢᠶ᠎ᠡ ᠶᠢ ᠡᠵᠡᠮᠰᠢᠨ᠎ᠡ᠃ ᠡᠭᠦᠨ ᠳᠤ ᠡᠮ ᠪᠤᠯᠤᠨ ᠤᠰᠤᠨ ᠤ ᠬᠠᠷᠢᠴᠠᠯ ᠢ ᠠᠩᠬᠠᠷᠬᠤ ᠪᠠᠷ ᠪᠠᠷᠠᠬᠤ ᠦᠭᠡᠢ | ᠬᠡᠲᠦᠷᠬᠡᠢ ᠶᠡᠭᠡ ᠤᠰᠤ ᠤᠤᠭᠤᠯᠭᠠᠬᠤ ᠶᠢ ᠠᠩᠬᠠᠷᠬᠤ ᠬᠡᠷᠡᠭᠲᠡᠢ᠃ ᠭᠡᠬᠦ ᠳᠡᠭᠡᠨ ᠲᠤᠭᠲᠠᠭᠰᠠᠨ ᠴᠠᠭ ᠳᠤᠲᠤᠷ᠎ᠠ | ᠤᠰᠤᠯᠠᠬᠤ ᠦᠭᠡᠢ ᠪᠣᠯ ᠡᠮ ᠤᠨ ᠴᠢᠳᠠᠯ ᠨᠢ ᠠᠯᠳᠠᠭᠳᠠᠬᠤ ᠪᠣᠯᠣᠨ᠎ᠠ᠃ ᠸᠠᠺᠼᠢᠨ ᠲᠠᠷᠢᠭᠰᠠᠨ ᠤ ᠳᠠᠷᠠᠭ᠎ᠠ | ᠴᠠᠷᠣᠯᠲᠠ ᠶᠢᠨ ᠪᠠᠶᠢᠳᠠᠯ ᠢ ᠨᠢ ᠰᠢᠯᠭᠠᠵᠤ ᠦᠵᠡᠬᠦ ᠬᠡᠷᠡᠭᠲᠡᠢ᠃ ᠡᠨᠡ ᠪᠣᠯ ᠡᠪᠡᠳᠴᠢᠨ ᠢ ᠰᠡᠷᠭᠡᠶᠢᠯᠡᠬᠦ ᠠᠵᠢᠯᠯᠠᠭᠠᠨ ᠤ | ᠴᠢᠬᠤᠯᠠ ᠨᠢᠭᠡ ᠲᠠᠯ᠎ᠠ ᠪᠣᠯᠬᠤ ᠶᠣᠮ᠃ | ᠡᠭᠦᠨ ᠠᠴᠠ ᠭᠠᠳᠠᠨ᠎ᠠ ᠲᠠᠬᠢᠶᠠᠨ ᠤ ᠪᠠᠶᠢᠷᠢ ᠶᠢᠨ ᠡᠷᠡᠭᠦᠯ ᠬᠠᠮᠠᠭᠠᠯᠠᠯ ᠠᠷᠢᠭᠤᠨ ᠴᠡᠪᠡᠷ ᠢ ᠤᠨᠴᠠᠭᠠᠢ | ᠠᠩᠬᠠᠷᠴᠤ᠂ ᠡᠯᠳᠡᠪ ᠵᠦᠢᠯ ᠤᠨ ᠡᠪᠡᠳᠴᠢᠨ ᠳᠤ ᠨᠡᠷᠪᠡᠭᠳᠡᠬᠦ ᠠᠴᠠ ᠰᠡᠷᠭᠡᠶᠢᠯᠡᠬᠦ ᠬᠡᠷᠡᠭᠲᠡᠢ᠃ ᠭᠠᠵᠠᠷ ᠤᠨ ᠭᠠᠳᠠᠷᠭᠤ | ᠳᠡᠭᠡᠷ᠎ᠡ ᠲᠡᠵᠢᠭᠡᠵᠦ ᠪᠠᠶᠢᠭ᠎ᠠ ᠲᠠᠬᠢᠶ᠎ᠠ ᠨᠢ ᠬᠦᠵᠢ ᠬᠤᠷᠤᠬᠠᠢ ᠪᠠ ᠬᠠᠪᠲᠠᠭᠠᠢ ᠴᠠᠭᠠᠨ ᠬᠤᠷᠤᠬᠠᠢ ᠳᠤ ᠲᠤᠩ ᠬᠢᠯᠪᠠᠷ | ᠬᠠᠯᠳᠠᠪᠤᠷᠢᠯᠠᠭᠳᠠᠬᠤ ᠲᠤᠯᠠ ᠡᠷᠲᠡᠨ ᠠᠴᠠ ᠰᠡᠷᠭᠡᠶᠢᠯᠡᠵᠦ ᠪᠠᠶᠢᠬᠤ ᠬᠡᠷᠡᠭᠲᠡᠢ᠃ ᠬᠡᠷᠪᠡ ᠨᠢᠭᠡᠨᠲᠡ ᠨᠡᠷᠪᠡᠭᠳᠡᠭᠰᠡᠨ ᠪᠣᠯ | ᠺᠢᠯᠦᠭᠷᠡᠮ ᠪᠦᠷᠢ ᠶᠢᠨ ᠪᠡᠶ᠎ᠡ ᠶᠢᠨ ᠬᠦᠨᠳᠦ ᠳᠤ 0.15~2 ᠭᠷᠡᠮ ᠬᠠᠪᠲᠠᠭᠠᠢ ᠴᠠᠭᠠᠨ ᠬᠤᠷᠤᠬᠠᠢ ᠶᠢ ᠤᠰᠠᠳᠬᠠᠬᠤ | ᠡᠮ ᠪᠠ 0.25 ᠭᠷᠡᠮ ᠬᠦᠵᠢ ᠬᠤᠷᠤᠬᠠᠢ ᠶᠢ ᠤᠰᠠᠳᠬᠠᠬᠤ ᠡᠮ ᠢ ᠪᠤᠷᠳᠤᠭᠠᠨ ᠳᠤᠨᠢ ᠬᠤᠯᠢᠵᠤ ᠢᠳᠡᠭᠦᠯᠦᠭᠡᠳ | ᠬᠤᠷᠤᠬᠠᠢ ᠶᠢ ᠨᠢ ᠲᠦᠷᠭᠡᠨ ᠲᠠᠭᠤᠬᠤ ᠬᠡᠷᠡᠭᠲᠡᠢ᠃ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠬᠦ ᠶᠠᠪᠤᠳᠠᠯ ᠢ ᠴᠤ | ᠡᠳᠦᠷ ᠲᠤᠳᠤᠮ ᠤᠨ ᠠᠵᠢᠯ ᠤᠨ ᠢᠶᠠᠨ ᠨᠢᠭᠡ ᠪᠣᠯᠭᠠᠵᠤ᠂ ᠰᠡᠷᠭᠡᠶᠢᠯᠡᠯᠲᠡ ᠶᠢ ᠦᠴᠦᠭᠡᠨ ᠴᠤ ᠰᠤᠯᠠᠷᠠᠭᠤᠯᠵᠤ ᠪᠣᠯᠬᠤ | ᠦᠭᠡᠢ᠃ | ︵ᠶᠢᠰᠦ︶ ᠪᠣᠶᠢᠵᠢᠭᠤᠯᠣᠯᠲᠠ ᠶᠢᠨ ᠡᠮᠡᠭᠴᠢᠨ ᠲᠠᠬᠢᠶᠠᠨ ᠤ ᠪᠡᠯᠭᠡ ᠶᠢᠨ ᠪᠣᠯᠪᠠᠰᠤᠷᠠᠯᠲᠠ ᠶᠢ ᠡᠵᠡᠮᠰᠢᠬᠦ᠃ | ᠠᠳᠠᠯᠢ ᠪᠤᠰᠤ ᠡᠭᠦᠯᠳᠡᠷ ᠪᠣᠶᠣ ᠠᠳᠠᠯᠢ ᠪᠤᠰᠤ ᠤᠳᠤᠮ ᠤᠨ ᠡᠮᠡᠭᠴᠢᠨ ᠲᠠᠬᠢᠶᠠᠨ ᠳᠤ ᠪᠦᠷ ᠪᠡᠯᠭᠡ ᠶᠢᠨ | ᠪᠤᠯᠪᠠᠰᠤᠷᠠᠯᠲᠠ ᠶᠢᠨ ᠬᠤᠭᠤᠴᠠᠭ᠎ᠠ ᠲᠠᠢ ᠪᠠᠶᠢᠳᠠᠭ᠃ ᠦᠨᠳᠡᠭᠡᠯᠡᠬᠦ ᠨᠤᠷᠮ᠎ᠠ ᠨᠢ 50% ᠳᠤ ᠬᠦᠷᠬᠦ ᠦᠶ᠎ᠡ ᠶᠢᠨ | ᠬᠤᠨᠤᠭ ᠤᠨ ᠨᠠᠰᠤ ᠨᠢ ᠬᠠᠮᠤᠭ ᠡᠷᠲᠡ ᠳᠡᠭᠡᠨ 150 ᠬᠤᠨᠤᠭ ᠤᠷᠴᠢᠮ ᠪᠠᠶᠢᠵᠤ᠂ ᠬᠠᠮᠤᠭ ᠤᠷᠤᠢ ᠳᠠᠭᠠᠨ 165 | ᠬᠤᠨᠤᠭ ᠤᠷᠴᠢᠮ ᠪᠠᠶᠢᠳᠠᠭ᠃ ᠦᠨᠳᠡᠭᠡᠯᠡᠬᠦ ᠬᠤᠭᠤᠴᠠᠭ᠎ᠠ᠂ ᠦᠨᠳᠡᠭᠡᠯᠡᠬᠦ ᠲᠤᠭ᠎ᠠ ᠪᠠ ᠦᠨᠳᠡᠭᠡᠯᠡᠬᠦ ᠤᠷᠭᠢᠯ ᠤᠨ | ᠦᠶ᠎ᠡ ᠶᠢ ᠲᠣᠬᠢᠷᠠᠮᠵᠢᠲᠠᠢ ᠬᠡᠮᠵᠢᠶᠡᠨ ᠳᠤ ᠬᠦᠷᠦᠭᠦᠯᠬᠦ ᠳᠤ ᠡᠮᠡᠭᠴᠢᠨ ᠲᠠᠬᠢᠶᠠᠨ ᠤ ᠪᠡᠯᠭᠡ ᠶᠢᠨ ᠪᠣᠯᠪᠠᠰᠤᠷᠠᠯᠲᠠ ᠶᠢ | ᠡᠵᠡᠮᠰᠢᠬᠦ ᠪᠣᠯ ᠶᠡᠭᠡ ᠴᠢᠬᠤᠯᠠ ᠪᠠᠶᠢᠳᠠᠭ ᠶᠣᠮ᠃ ᠤᠳᠤᠬᠢ ᠲᠡᠵᠢᠭᠡᠵᠦ ᠪᠠᠶᠢᠭ᠎ᠠ ᠡᠮᠡᠭᠴᠢᠨ ᠲᠠᠬᠢᠶ᠎ᠠ ᠪᠠᠷ ᠠᠪᠴᠤ | ᠬᠡᠯᠡᠪᠡᠯ᠂ ᠤᠯᠠᠩᠬᠢ ᠨᠢ ᠪᠡᠯᠭᠡ ᠶᠢᠨ ᠪᠤᠯᠪᠠᠰᠤᠷᠠᠯᠲᠠ ᠨᠢ ᠡᠷᠲᠡᠲᠡᠭᠡᠳ ᠦᠨᠳᠡᠭᠡᠯᠡᠬᠦ ᠬᠤᠭᠤᠴᠠᠭ᠎ᠠ ᠨᠢ ᠣᠬᠤᠷ᠂ | ᠦᠨᠳᠡᠭᠡᠯᠡᠬᠦ ᠲᠤᠭ᠎ᠠ ᠨᠢ ᠴᠦᠬᠡᠨ᠂ ᠬᠤᠬᠢᠷᠠᠯ ᠰᠦᠢᠲᠦᠯ ᠤᠨ ᠨᠤᠷᠮ᠎ᠠ ᠨᠢ ᠦᠨᠳᠦᠷ ᠵᠡᠷᠭᠡ ᠪᠠᠶᠢᠳᠠᠯ ᠤᠷᠤᠰᠢᠵᠤ | ᠪᠣᠢ᠃ ᠡᠶᠢᠮᠦ ᠠᠴᠠ ᠡᠮᠡᠭᠴᠢᠨ ᠲᠠᠬᠢᠶᠠᠨ ᠤ ᠪᠡᠯᠭᠡ ᠶᠢᠨ ᠪᠣᠯᠪᠠᠰᠤᠷᠠᠯᠲᠠ ᠶᠢ ᠡᠵᠡᠮᠰᠢᠵᠦ ᠠᠪᠬᠤ ᠨᠢ ᠲᠠᠬᠢᠶ᠎ᠠ | ᠲᠡᠵᠢᠭᠡᠬᠦ ᠦᠢᠯᠡᠰ ᠢ ᠦᠭᠡᠳᠡ ᠲᠠᠲᠠᠬᠤ ᠪᠠᠰᠠ ᠨᠢᠭᠡᠨ ᠲᠠᠯ᠎ᠠ ᠶᠢᠨ ᠠᠷᠭ᠎ᠠ ᠠᠪᠴᠠᠯ ᠪᠣᠯᠣᠨ᠎ᠠ᠃ | 1.ᠭᠡᠷᠡᠯ ᠤᠨ ᠳᠤᠰᠬᠠᠯᠲᠠ ᠶᠢ ᠪᠤᠭᠤᠨᠢᠰᠬᠠᠬᠤ᠃ ᠡᠮᠡᠭᠴᠢᠨ ᠲᠠᠬᠢᠶ᠎ᠠ ᠨᠢ 10~12 ᠭᠠᠷᠠᠭ ᠨᠠᠰᠤᠨ ᠠᠴᠠ | ᠡᠬᠢᠯᠡᠵᠦ ᠪᠡᠯᠭᠡ ᠶᠢᠨ ᠡᠷᠬᠡᠲᠡᠨ ᠨᠢ ᠪᠣᠶᠢᠵᠢᠵᠣ ᠬᠦᠭᠵᠢᠬᠦ ᠲᠤᠯᠠ ᠭᠡᠷᠡᠯ ᠤᠨ ᠳᠤᠰᠬᠠᠯᠲᠠ ᠶᠢᠨ ᠤᠷᠲᠤ ᠤᠬᠤᠷ ᠨᠢ | ᠪᠡᠯᠭᠡ ᠶᠢᠨ ᠪᠣᠯᠪᠠᠰᠤᠷᠠᠬᠤ ᠴᠠᠭ ᠢ ᠰᠢᠭᠤᠳ ᠨᠦᠯᠦᠭᠡᠯᠡᠳᠡᠭ᠃ ᠭᠡᠷᠡᠯ ᠤᠨ ᠳᠤᠰᠬᠠᠯᠲᠠ ᠬᠡᠲᠦᠷᠬᠡᠢ ᠤᠷᠲᠤ ᠪᠣᠯᠪᠠᠯ | ᠪᠡᠯᠭᠡ ᠪᠣᠯᠪᠠᠰᠤᠷᠠᠬᠤ ᠨᠢ ᠬᠡᠳᠦ ᠡᠷᠲᠡᠲᠡᠵᠦ᠂ ᠦᠨᠳᠡᠭᠡᠨ ᠤ ᠭᠠᠷᠤᠯᠲᠠ ᠶᠢ ᠨᠦᠯᠦᠭᠡᠯᠡᠳᠡᠭ᠂ ᠭᠡᠷᠡᠯ ᠤᠨ ᠳᠤᠰᠬᠠᠯᠲᠠ | ᠨᠢ ᠬᠡᠳᠦ ᠤᠬᠤᠷ ᠪᠣᠯ ᠪᠡᠯᠭᠡ ᠶᠢᠨ ᠪᠤᠯᠪᠠᠰᠤᠷᠠᠯᠲᠠ ᠨᠢ ᠤᠷᠤᠶᠢᠲᠠᠵᠤ ᠦᠨᠳᠡᠭᠡᠨ ᠤ ᠭᠠᠷᠤᠯᠲᠠ ᠶᠢ ᠮᠦᠨ | ᠨᠦᠯᠦᠭᠡᠯᠡᠬᠦ ᠪᠣᠯᠣᠨ᠎ᠠ᠃ ᠶᠡᠷᠦ ᠶᠢᠨ ᠪᠠᠶᠢᠳᠠᠯ ᠳᠤ ᠡᠳᠦᠷ ᠪᠦᠷᠢ 8~9 ᠴᠠᠭ᠂ ᠬᠦᠴᠦᠯᠡᠴᠡ ᠨᠢ 5~10 | ᠯᠧᠺᠰ ᠢᠶᠠᠷ ᠭᠡᠷᠡᠯ ᠳᠤᠰᠬᠠᠪᠠᠯ ᠬᠠᠮᠤᠭ ᠠᠴᠠ ᠲᠤᠬᠢᠷᠠᠮᠵᠢᠲᠠᠢ ᠪᠠᠶᠢᠳᠠᠭ᠃ ᠪᠣᠶᠢᠵᠢᠭᠤᠯᠣᠯᠲᠠ ᠶᠢᠨ ᠡᠮᠡᠭᠴᠢᠨ | ᠲᠠᠬᠢᠶ᠎ᠠ ᠶᠢ 21 ᠭᠠᠷᠠᠭ ᠤᠨ ᠨᠠᠰᠤᠨ ᠠᠴᠠ ᠬᠤᠶᠢᠰᠢ ᠦᠨᠳᠡᠭᠡᠯᠡᠬᠦ ᠲᠠᠬᠢᠶᠠᠨ ᠤ ᠬᠡᠷᠡᠭᠰᠡᠬᠦ ᠭᠡᠷᠡᠯ ᠤᠨ | ᠳᠤᠰᠬᠠᠯᠲᠠ ᠪᠠᠷ ᠪᠠᠷᠢᠮᠵᠢᠶ᠎ᠠ ᠪᠣᠯᠭᠠᠵᠤ ᠬᠠᠩᠭᠠᠪᠠᠯ ᠪᠣᠯᠴᠢᠬᠠᠨ᠎ᠠ᠃ | 2.ᠲᠡᠵᠢᠭᠡᠯ ᠪᠤᠷᠳᠤᠭ᠎ᠠ ᠶᠢ ᠬᠢᠵᠠᠭᠠᠷᠯᠠᠬᠤ᠃ 8~20 ᠭᠠᠷᠠᠭ ᠨᠡᠰᠤᠨ ᠳᠤ ᠬᠦᠷᠦᠭᠰᠡᠨ ᠡᠮᠡᠭᠴᠢᠨ | ᠲᠠᠬᠢᠶᠠᠨ ᠤ ᠬᠦᠩᠭᠡᠨ ᠬᠡᠯᠪᠡᠷᠢ ᠶᠢᠨ ᠦᠨᠳᠡᠭᠡᠨ ᠲᠠᠬᠢᠶᠠᠨ ᠤ ᠬᠢ ᠶᠢ 7%~8% ᠪᠠᠷ᠂ ᠳᠣᠮᠳᠠ ᠬᠡᠯᠪᠡᠷᠢ ᠶᠢᠨ | ᠦᠨᠳᠡᠭᠡᠨ ᠲᠠᠬᠢᠶᠠᠨ ᠤ ᠬᠢ ᠶᠢ 10% ᠤᠷᠴᠢᠮ ᠢᠶᠠᠷ ᠲᠡᠵᠢᠭᠡᠯ ᠪᠤᠷᠳᠤᠭ᠎ᠠ ᠶᠢ ᠨᠢ ᠲᠤᠰ ᠲᠤᠰ ᠪᠠᠭᠠᠰᠬᠠᠬᠤ | ᠬᠡᠷᠡᠭᠲᠡᠢ᠂ ᠢᠩᠭᠢᠵᠦ ᠬᠢᠬᠦ ᠨᠢ ᠪᠡᠶ᠎ᠡ ᠶᠢᠨ ᠬᠦᠨᠳᠦ ᠶᠢ ᠡᠵᠡᠮᠰᠢᠨ ᠪᠡᠯᠭᠡ ᠶᠢᠨ ᠡᠷᠲᠡ ᠪᠣᠯᠪᠠᠰᠤᠷᠠᠬᠤ ᠠᠴᠠ | ᠰᠡᠷᠭᠡᠶᠢᠯᠡᠵᠦ ᠴᠢᠳᠠᠬᠤ ᠮᠦᠷᠲᠡᠭᠡᠨ ᠲᠡᠵᠢᠭᠡᠯ ᠪᠤᠷᠳᠤᠭ᠎ᠠ ᠶᠢ ᠠᠷᠪᠢᠯᠠᠵᠤ ᠵᠠᠷᠤᠳᠠᠯ ᠢ ᠪᠠᠭᠠᠰᠬᠠᠵᠤ ᠳᠡᠶᠢᠯᠳᠡᠭ᠃ | 3.ᠪᠤᠷᠳᠤᠬᠤ ᠶᠢ ᠵᠤᠭᠰᠤᠭᠠᠬᠤ᠃ 120~140 ᠬᠤᠨᠤᠭ ᠨᠠᠰᠤ ᠲᠠᠢ ᠡᠮᠡᠭᠴᠢᠨ ᠲᠠᠬᠢᠶ᠎ᠠ ᠶᠢ ᠨᠢᠭᠡ ᠪᠤᠶᠤ | ᠬᠤᠶᠠᠷ ᠤᠳᠠᠭ᠎ᠠ ᠵᠠᠯᠭᠠᠭ᠎ᠠ ᠪᠠᠷ ᠪᠤᠷᠳᠤᠬᠤ ᠪᠠᠨ 3 ᠡᠳᠦᠷ ᠵᠤᠭᠰᠤᠭᠠᠵᠤ᠂ ᠡᠬᠢᠯᠡᠵᠦ ᠦᠨᠳᠡᠭᠡᠯᠡᠬᠦ ᠬᠤᠨᠤᠭ ᠨᠠᠰᠤ | ᠨᠢ 150 ᠬᠤᠨᠤᠭ ᠪᠣᠯ ᠨᠢᠭᠡ ᠤᠳᠠᠭ᠎ᠠ᠂ ᠡᠬᠢᠯᠡᠵᠦ ᠦᠨᠳᠡᠭᠡᠯᠡᠬᠦ ᠬᠤᠨᠤᠭ ᠨᠠᠰᠤ ᠨᠢ 15~16 ᠬᠤᠨᠤᠭ ᠪᠣᠯ | ᠬᠤᠶᠠᠷ ᠤᠳᠠᠭ᠎ᠠ ᠵᠤᠭᠰᠤᠭᠠᠪᠠᠯ ᠵᠤᠬᠢᠨ᠎ᠠ᠃ ᠬᠤᠶᠠᠷ ᠤᠳᠠᠭᠠᠨ ᠤ ᠪᠤᠷᠳᠤᠬᠤ ᠶᠢ ᠵᠤᠭᠰᠤᠭᠠᠬᠤ ᠴᠠᠭ ᠢ | ᠦᠷᠭᠦᠯᠵᠢᠯᠡᠭᠦᠯᠵᠦ ᠪᠣᠯᠬᠤ ᠦᠭᠡᠢ᠂ ᠳᠣᠮᠳᠠ ᠨᠢ ᠲᠦᠷ ᠲᠡᠵᠢᠭᠡᠭᠡᠳ ᠳᠠᠬᠢᠨ 3 ᠡᠳᠦᠷ ᠵᠤᠭᠰᠤᠭᠠᠨ᠎ᠠ᠃ | ᠲᠤᠰ ᠠᠷᠭ᠎ᠠ ᠨᠢ ᠡᠮᠡᠭᠴᠢᠨ ᠲᠠᠬᠢᠶᠠᠨ ᠤ ᠪᠡᠶ᠎ᠡ ᠶᠢᠨ ᠬᠦᠨᠳᠦ ᠶᠢ ᠪᠠᠭᠤᠷᠠᠭᠤᠯᠬᠤ ᠳᠤ ᠰᠠᠶᠢᠨ ᠪᠦᠭᠡᠳ | ᠪᠣᠶᠢᠵᠢᠯᠲᠠ ᠶᠢ ᠨᠢ ᠬᠠᠷᠰᠢᠯᠠᠬᠤ ᠦᠭᠡᠢ᠂ ᠬᠡᠷᠡᠭᠵᠢᠭᠦᠯᠬᠦ ᠳᠤ ᠳᠦᠭᠦᠮ᠂ ᠪᠡᠯᠭᠡ ᠶᠢᠨ ᠡᠷᠲᠡ ᠪᠣᠯᠪᠠᠰᠤᠷᠠᠬᠤ ᠠᠴᠠ | ᠪᠠᠰᠠ ᠵᠠᠶᠢᠯᠠᠰᠭᠢᠵᠦ ᠴᠢᠳᠠᠨ᠎ᠠ᠃ ᠲᠤᠰ ᠠᠷᠭ᠎ᠠ ᠶᠢ ᠡᠷᠬᠡᠪᠰᠢ ᠲᠠᠬᠢᠶᠠᠳ ᠤᠨ ᠡᠷᠡᠭᠦᠯ ᠴᠢᠬᠢᠷᠠᠭ ᠦᠶ᠎ᠡ ᠪᠠ | ᠤᠰᠣᠨ ᠤ ᠬᠠᠩᠭᠠᠯᠭ᠎ᠠ ᠭᠦᠢᠴᠡᠳ ᠨᠦᠭᠦᠴᠡᠯ ᠳᠤᠤᠷ᠎ᠠ ᠬᠡᠷᠡᠭᠵᠢᠭᠦᠯᠬᠦ ᠬᠡᠷᠡᠭᠲᠡᠢ᠃ | | | ︵ᠢᠷᠡᠯᠲᠡ᠄ ᠵᠢᠷᠭᠠᠯ ᠡᠷᠬᠢᠯᠡᠨ ᠨᠠᠶᠢᠷᠠᠭᠤᠯᠤᠭᠰᠠᠨ ︽ᠭᠠᠭ᠋ᠠᠢ ᠲᠠᠬᠢᠶ᠎ᠠ ᠨᠤᠭᠤᠰᠤ ᠲᠡᠵᠢᠭᠡᠵᠦ ᠪᠤᠷᠳᠤᠬᠤ | ᠮᠡᠷᠭᠡᠵᠢᠯ︾ ᠭᠡᠬᠦ ᠨᠣᠮ ᠠᠴᠠ ᠰᠤᠩᠭᠤᠨ ᠰᠡᠶᠢᠷᠡᠭᠦᠯᠪᠠ᠃︶ | | |