ᠬᠤᠷᠢᠨᠭᠡᠷ ᠰᠢᠶᠠᠨ ᠰᠦ ᠶᠢᠨ ᠦᠢᠯᠡᠰ ᠤᠨ ᠬᠦᠭᠵᠢᠯᠳᠡ ᠶᠢ ᠪᠥᠬᠦ ᠬᠦᠴᠦᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2021/8/30
     ᠣᠢᠢᠷ᠎ᠠ ᠳᠤ᠂ ᠥᠪᠥᠷ ᠮᠣᠩᠭᠤᠯ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠢᠨ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ 500kv ᠬᠡᠲᠦ ᠥᠨᠳᠥᠷ ᠬᠦᠴᠦᠳᠡᠯᠲᠦ ᠴᠠᠬᠢᠯᠭᠠᠨ ᠬᠦᠴᠦᠨ ᠤ ᠱᠤᠭᠤᠮ ᠢ ᠰᠢᠯᠵᠢᠭᠦᠯᠦᠨ ᠥᠭᠡᠷᠡᠴᠢᠯᠡᠬᠦ ᠠᠵᠢᠯ ᠢ ᠤᠷᠤᠭᠰᠢᠲᠠᠶ ᠪᠡᠶᠡᠯᠡᠭᠦᠯᠪᠡ᠃      ᠡᠨᠡ ᠵᠢᠯ ᠠᠴᠠ ᠨᠠᠭᠠᠰᠢ᠂ ᠬᠤᠷᠢᠨᠭᠡᠷ ᠰᠢᠶᠠᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠤᠨ ᠬᠤᠳᠠᠯᠳᠤᠭ᠎ᠠ ᠡᠷᠬᠢᠯᠡᠭᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠮᠢᠶ᠎ᠠ ᠪᠥᠬᠦᠶ ᠭᠠᠷᠳᠠᠮ ᠢ ᠬᠦᠢᠴᠡᠳᠭᠡᠭᠦ ᠶᠢ ᠵᠢᠯᠣᠭᠤᠳᠤᠨ ᠬᠠᠪᠰᠤᠷᠴᠤ᠂ ᠬᠡᠷᠡᠭᠯᠡᠬᠡᠨ ᠤ ᠭᠠᠵᠠᠷ ᠤᠨ ᠪᠠᠲᠤᠯᠠᠭ᠎ᠠ ᠶᠢ ᠴᠢᠩᠭᠠᠳᠬᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢᠢᠯᠠᠯ ᠢ ᠬᠠᠪᠰᠤᠷᠤᠨ ᠬᠦᠴᠢᠷᠳᠡᠯ ᠪᠠ ᠠᠰᠠᠭᠤᠳᠠᠯ ᠢ ᠨᠢ ᠦᠨᠡᠨ ᠬᠦ ᠰᠢᠢᠳᠪᠦᠷᠢᠯᠡᠨ ᠥᠭᠴᠦ ᠪᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠲᠤᠯᠠᠬᠤ ᠶᠢᠨ ᠲᠦᠯᠦᠭᠡ ᠬᠤᠷᠢᠨᠭᠡᠷ ᠰᠢᠶᠠᠨ ᠤ ᠬᠢᠨ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠲᠥᠪᠯᠡᠷᠡᠭᠦᠯᠦᠨ ᠠᠵᠢᠯᠯᠠᠵᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠬᠦᠢᠴᠡᠳᠭᠡᠪᠡ᠃      ᠬᠤᠷᠢᠨᠬᠡᠷ ᠰᠢᠶᠠᠨ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢᠶᠠᠷ ᠭᠤᠤᠯ ᠪᠣᠯᠭᠠᠨ᠂ ᠲᠣᠭᠠᠴᠢᠯᠠᠭᠰᠠᠨ ᠡᠵᠡᠩᠨᠡᠯᠲᠡ ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠬᠦᠳᠦᠯᠳᠡ᠂ ᠲᠣᠭᠠᠴᠢᠯᠠᠭᠰᠠᠨ ᠬᠤᠳᠠᠯᠳᠤᠭ᠎ᠠ ᠵᠡᠷᠭᠡ ᠠᠷᠭ᠎ᠠ ᠪᠠᠷᠢᠯ ᠢᠶᠠᠷ ᠳᠠᠮᠵᠢᠨ ︽ᠨᠢᠭᠡ ᠴᠤᠭᠴᠠ ᠬᠤᠶᠠᠷ ᠵᠢᠭᠦᠷ︾ ᠤᠨ ᠠᠵᠤ ᠦᠢᠯᠡᠰ ᠤᠨ ᠰᠢᠰᠲ᠋ᠧᠮ ᠢ ᠴᠤᠭᠴᠠᠯᠠᠵᠤ᠂ ᠮᠧᠩ ᠨᠢᠦ ᠪᠦᠯᠦᠭᠯᠡᠯ ᠤᠨ 1 — 7 ᠳ᠋ᠤᠭᠠᠷ ᠬᠤᠭᠤᠴᠠᠭᠠᠨ ᠤ ᠦᠢᠯᠡᠳᠪᠦᠷᠢ ᠶᠢᠨ ᠰᠠᠭᠤᠷᠢᠨ ᠳᠡᠭᠡᠷ᠎ᠡ 5G ᠲᠣᠭᠠᠴᠢᠯᠠᠭᠰᠠᠨ ᠦᠢᠯᠡᠳᠪᠦᠷᠢ ᠶᠢᠨ ᠲᠥᠷᠥᠯ ᠵᠦᠢᠯ ᠢ ᠪᠠᠶᠢᠭᠤᠯᠵᠤ᠂ ᠰᠦ ᠶᠢᠨ ᠦᠢᠯᠡᠰ ᠤᠨ ᠣᠶᠤᠨᠴᠢᠯᠠᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠤᠭᠴᠠᠯᠠᠵᠤ ᠪᠠᠶᠢᠨ᠎ᠠ᠃ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ 2.2 ᠲᠡᠭᠰᠢ ᠳᠥᠷᠪᠡᠯᠵᠢᠨ ᠺᠢᠯᠤᠮᠧᠲᠷ ᠤᠨ ᠬᠠᠩᠭᠠᠯᠭ᠎ᠠ ᠶᠢᠨ ᠬᠡᠯᠬᠢᠶ᠎ᠡ ᠶᠢᠨ ᠢᠵᠢ ᠪᠥᠷᠢᠳᠦᠭᠦᠯᠦᠭᠰᠡᠨ ᠳᠤᠭᠤᠷᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠬᠦ ᠴᠣᠭᠴᠠ ᠶᠢᠨ ᠡᠷᠬᠢᠯᠳᠡ ᠳᠤ ᠰᠠᠭᠤᠷᠢ ᠪᠠᠲᠤᠯᠠᠭ᠎ᠠ ᠬᠠᠩᠭᠠᠬᠤ ᠪᠠᠷ ᠪᠤᠢ᠃ ᠡᠬᠦᠨ ᠠᠴᠠ ᠭᠠᠳᠠᠨ᠎ᠠ᠂ ᠪᠣᠭᠤᠳᠠᠯ ᠪᠠᠭᠯᠠᠭ᠎ᠠ᠂ ᠪᠠᠷᠠᠭᠠᠨ ᠤ ᠭᠦᠢᠯᠭᠡᠭᠡ᠂ ᠲᠡᠭᠡᠭᠡᠪᠦᠷᠢ ᠵᠡᠷᠭᠡ ᠶᠢ ᠪᠠᠭᠲᠠᠭᠠᠭᠰᠠᠨ ᠮᠧᠩ ᠨᠢᠦ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢᠶᠠᠷ ᠭᠤᠣᠯ ᠪᠣᠯᠭᠠᠭᠰᠠᠨ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ ᠦᠢᠯᠡᠰ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠠᠵᠤ ᠦᠢᠯᠡᠰ ᠤᠨ ᠰᠦᠷᠦᠭᠵᠢᠯ ᠤᠨ ᠬᠡᠪᠴᠢᠶ᠎ᠡ ᠶᠢ ᠳᠠᠰᠤᠷᠠᠯᠳᠠ ᠦᠬᠡᠢ ᠪᠤᠵᠠᠭᠠᠢᠢᠷᠠᠭᠤᠯᠵᠤ᠂ ᠳᠠᠪᠠᠭᠤᠯᠢᠭᠳᠤ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠴᠤᠭᠴᠠᠯᠠᠵᠤ ᠪᠠᠶᠢᠨ᠎ᠠ᠃    
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号