ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠰᠢᠰᠲ᠋ᠧᠮ ᠳᠤ ᠣᠷᠤᠭᠤᠯᠤᠭᠰᠠᠨ ᠬᠡᠰᠡᠭ ᠦᠶᠯᠡᠳᠬᠦᠨ ᠤ ᠲᠠᠰ ᠵᠢᠴᠢ ᠨᠡᠮᠡᠭᠦᠷᠢ ᠶᠢᠨ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠤᠨ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2021/9/1
     《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠡᠰᠡᠭ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠮᠠᠰᠢᠨ ᠪᠠᠭᠠᠵᠢ ᠶᠢᠨ ᠨᠡᠮᠡᠭᠦᠷᠢ ᠶᠢᠨ ᠲᠤᠭ᠎ᠠ ᠶᠢ ᠳᠣᠭᠢᠷᠠᠭᠤᠯᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ  ᠮᠡᠳᠡᠭᠳᠡᠯ 》 ( ᠥᠪᠥᠷ ᠲᠠᠷᠢᠶᠠᠯᠠᠩ ᠮᠠᠯ ᠮᠠᠰᠢᠨ ᠲᠠᠷᠬᠠᠭᠠᠭᠰᠠᠨ ﹇2020﹈407 ᠳ᠋ᠤᠭᠠᠷ ᠲᠣᠭᠠᠲᠤ ) ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠪᠠᠷᠢᠮᠲᠠ ᠶᠢᠨ ᠡᠳᠦᠷ ᠬᠤᠭᠤᠴᠠᠭ᠎ᠠ  ᠨᠢ 2020 ᠣᠨ ᠤ 12 ᠰᠠᠷ᠎ᠠ ᠶᠢᠨ 14 ᠤ ᠡᠳᠦᠷ ᠠᠴᠠ ᠰᠡᠭᠦᠯᠡᠷ ᠬᠤᠳᠠᠯᠳᠤᠨ ᠠᠪᠤᠭᠰᠠᠨ ᠪᠥᠭᠡᠳ 2018- 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠲᠤᠰᠠᠯᠠᠬᠤ ᠬᠠᠮᠢᠶᠠᠷᠤᠯᠲᠠ  ᠶᠢᠨ ᠰᠢᠰᠲ᠋ᠧᠮ ᠳᠤ ᠣᠷᠣᠭᠤᠯᠬᠤ ᠪᠠᠷ ᠭᠤᠶᠤᠴᠢᠯᠠᠭᠰᠠᠨ ᠦᠶᠯᠡᠳᠬᠦᠨ ᠳᠤ 2021 ᠣᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠪᠠ ᠨᠡᠮᠡᠭᠦᠷᠢ ᠶᠢᠨ ᠲᠤᠭ᠎ᠠ ᠶᠢ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠱᠠᠭᠠᠷᠳᠠᠯᠭ᠎ᠠ  ᠶᠢ ᠬᠠᠩᠭᠠᠭᠰᠠᠨ ᠦᠶᠯᠡᠳᠬᠦᠨ ᠳᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 - 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠮᠠᠰᠢᠨ ᠪᠠᠭᠠᠵᠢ ᠶᠢᠨ ᠨᠡᠮᠡᠭᠦᠷᠢ  ᠶᠢᠨ ᠲᠤᠭ᠎ᠠ ᠶᠢᠨ ᠨᠠᠷᠢᠨ ᠬᠦᠰᠦᠨᠤᠭ᠌ ( ᠨᠢᠭᠡᠳᠦᠭᠡᠷ ᠪᠦᠯᠦᠭ ) 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 - 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠡᠮᠡᠭᠦᠷᠢ ᠥᠭᠬᠦ ᠮᠠᠰᠢᠨ ᠪᠠᠭᠠᠵᠢ ᠶᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠬᠢᠭᠤᠯᠤᠨ ᠨᠡᠮᠡᠬᠦ ᠨᠡᠮᠡᠭᠦᠷᠢ  ᠶᠢᠨ ᠲᠤᠭ᠎ᠠ ᠶᠢᠨ ᠨᠠᠷᠢᠨ ᠬᠦᠰᠦᠨᠤᠭ᠌ ( ᠨᠢᠭᠡᠳᠦᠭᠡᠷ ᠪᠦᠯᠦᠭ ) 》 ᠶᠢ ᠦᠨᠳᠦᠰᠦᠯᠡᠨ ᠳᠠᠬᠢᠨ ᠲᠥᠷᠥᠯ ᠬᠤᠪᠢᠶᠠᠨ ᠲᠠᠰ ᠬᠤᠪᠢᠶᠠᠬᠤ ᠶᠢᠨ ᠬᠠᠮᠲᠤ ᠨᠡᠮᠡᠭᠦᠷᠢ ᠶᠢᠨ ᠲᠣᠭᠠᠨ ᠳᠤ ᠵᠠᠰᠠᠪᠤᠷᠢ ᠣᠷᠤᠭᠤᠯᠤᠨ᠎ᠠ᠃ ᠣᠷᠣᠭᠤᠯᠬᠤ ᠭᠤᠶᠤᠴᠢᠯᠠᠯ  ᠳᠠᠬᠢ ᠪᠣᠯᠵᠣᠯᠲᠤ ᠲᠤᠭ᠎ᠠ ᠨᠢ ᠪᠠᠷᠢᠮᠵᠢᠶ᠎ᠠ ᠳᠤ ᠬᠥᠷᠬᠦ ᠥᠬᠡᠶ 20 ᠦᠶᠯᠡᠳᠬᠦᠨ ᠤ 2018 - 2020 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠨᠡᠮᠡᠭᠦᠷᠢ ᠭᠤᠶᠤᠴᠢᠯᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ ᠡᠳᠦᠭᠡ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠳᠤ ᠬᠤᠯᠪᠣᠭᠳᠠᠬᠤ ᠬᠠᠮᠢᠶ᠎ᠠ ᠪᠥᠬᠦᠶ ᠦᠶᠯᠡᠳᠬᠦᠨ ᠢ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 2021 ᠣᠨ ᠤ 8 ᠰᠠᠷ᠎ᠠ ᠶᠢᠨ 30 ᠤ ᠡᠳᠦᠷ ᠠᠴᠠ 9 ᠰᠠᠷ᠎ᠠ ᠶᠢᠨ 3 ᠤ ᠡᠳᠦᠷ ᠪᠣᠯᠲᠠᠯ᠎ᠠ ᠪᠣᠯᠤᠨ᠎ᠠ᠃      ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠢᠯᠡ ᠨᠡᠶᠢᠲᠡᠯᠡᠭᠰᠡᠨ ᠨᠣᠤᠷᠠᠭ ᠤᠨ ᠠᠭᠤᠯᠭ᠎ᠠ ᠳᠤ ᠣᠨᠳᠣᠤ ᠰᠠᠨᠠᠯ ᠲᠠᠢ ᠪᠣᠯ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠳᠤ ᠠᠯᠪᠠᠨ ᠲᠠᠮᠠᠭ᠎ᠠ ᠳᠠᠷᠤᠵᠤ᠂ ᠪᠢᠴᠢᠭ ᠤᠨ ᠬᠡᠯᠪᠡᠷᠢ ᠪᠠᠷ ᠰᠢᠷᠪᠢᠵᠦ ᠪᠠᠶᠢᠭᠠᠳ ᠲᠣᠭᠲᠠᠭᠰᠠᠨ ᠢᠮᠧᠯ ᠳᠤ ᠬᠠᠷᠢᠭᠤ ᠲᠤᠰᠬᠠᠵᠤ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠬᠡᠯᠪᠡᠷᠢ ᠪᠠᠨ ᠲᠣᠲᠤᠷᠬᠠᠶᠢᠯᠠᠬᠤ ᠬᠡᠷᠡᠭᠲᠡᠢ᠃      ᠬᠠᠷᠢᠯᠴᠠᠬᠤ ᠠᠷᠭ᠎ᠠ᠄ 0471 - 4314907      ᠢᠮᠧᠯ᠄ nmnjbt@126.com           ᠳᠠᠭᠠᠯᠳᠤᠭᠤᠯᠤᠯ᠄ 2018 - 2020 ᠣᠨ ᠤ ᠨᠡᠮᠡᠭᠦᠷᠢ ᠶᠢᠨ ᠰᠢᠰᠲ᠋ᠧᠮ ᠳᠤ ᠣᠷᠤᠭᠤᠯᠤᠭᠰᠠᠨ ᠭᠤᠶᠤᠴᠢᠯᠠᠵᠦ ᠪᠠᠶᠢᠭ᠎ᠠ ᠦᠶᠯᠡᠳᠬᠦᠨ ᠤ ᠬᠠᠷᠠᠭᠠᠯᠵᠠᠭᠰᠠᠨ 2021 ᠣᠨ ᠤ ᠲᠠᠰ ᠵᠢᠴᠢ ᠨᠡᠮᠡᠭᠦᠷᠢ ᠶᠢᠨ ᠲᠤᠭ᠎ᠠ  ᠶᠢᠨ ᠬᠤᠪᠢᠷᠠᠯᠲᠠ ᠶᠢᠨ ᠬᠦᠰᠦᠨᠤᠭ᠌                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                  ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                  2021 ᠣᠨ ᠤ 8 ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号