1 ᠳ᠋ᠦ᠋ᠭᠡᠷ ᠰᠠᠷ᠎ᠠ ᠶᠢᠨ 1 ᠤ ᠡᠳᠦᠷ ᠠᠴᠠ 1 ᠳ᠋ᠦ᠋ᠭᠡᠷ ᠰᠠᠷ᠎ᠠ ᠶᠢᠨ 15 ᠤ ᠡᠳᠦᠷ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/9/14
     1 ᠳ᠋ᠦ᠋ᠭᠡᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠥ᠋ ᠰᠢᠶᠣᠣ ᠯᠢᠨ ᠠᠬᠤᠶ ᠲᠠᠯᠠᠪᠠᠶ ᠳᠤ ᠬᠦᠷᠴᠦ᠂ ᠬᠥᠬᠡᠬᠤᠲᠠ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠠᠵᠢᠯᠯᠠᠭ᠎ᠠ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠥ᠋ ᠰᠢᠶᠤᠤ ᠯᠢᠨ ᠬᠥᠬᠡᠬᠤᠲᠠ ᠶᠢᠨ ᠰᠠᠶᠢᠬᠠᠨ ᠲᠣᠭᠤᠷᠢᠭ ᠲᠤ ᠭᠦᠨᠵᠡᠭᠡᠶᠢᠷᠡᠵᠦ᠂ ︽ᠥᠪᠥᠷ ᠮᠣᠩᠭᠤᠯ ᠤᠨ ᠲᠠᠸᠠᠷ ᠤᠨ ᠴᠣᠩᠬᠤ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      1 ᠳ᠋ᠦ᠋ᠭᠡᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠥ᠋ ᠰᠢᠶᠣᠣ ᠯᠢᠨ ᠤᠯᠠᠭᠠᠨᠴᠠᠪ ᠬᠤᠲᠠ ᠶᠢᠨ ᠰᠢᠩ ᠡᠾᠧ ᠰᠢᠶᠠᠨ᠂ ᠵᠢᠨᠢᠩ ᠲᠣᠭᠤᠷᠢᠭ ᠲᠤ ᠭᠦᠨᠵᠡᠭᠡᠶᠢᠷᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠶᠠᠳᠠᠭᠤ ᠬᠦᠴᠢᠷᠳᠡᠯᠲᠡᠶ ᠣᠯᠠᠨ ᠲᠦᠮᠡᠨ᠂ ᠬᠤᠪᠸᠢ ᠶᠢ ᠲᠤᠰᠠᠯᠠᠭᠰᠠᠨ ᠡᠮᠴᠢᠯᠡᠭᠡᠨ ᠤ ᠠᠵᠢᠯᠲᠠᠨ ᠪᠠ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃        1 ᠳ᠋ᠦ᠋ᠭᠡᠷ ᠰᠠᠷ᠎ᠠ ᠶᠢᠨ 5 ᠤ ᠡᠳᠦᠷ ᠠᠴᠠ 6 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ᠂ ᠭᠡᠭᠡᠨ ᠭᠤᠣᠯ ᠬᠤᠲᠠ ᠳᠤ ᠭᠦᠨᠵᠡᠭᠡᠶᠢᠷᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠬᠦᠴᠢᠷᠳᠡᠯᠲᠡᠶ ᠣᠯᠠᠨ ᠲᠦᠮᠡᠨ᠂ ᠬᠥᠳᠡᠯᠮᠦᠷᠢ ᠶᠢᠨ ᠵᠢᠱᠢᠶᠡᠴᠢ ᠪᠠ ᠠᠬᠠᠮᠠᠳ ᠨᠠᠮ ᠤᠨ ᠭᠡᠰᠢᠭᠦᠨ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠤᠭᠰᠠᠨ ᠤ ᠬᠠᠮᠲᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠪᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠭᠦᠨᠵᠡᠭᠡᠶ ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠠᠵᠢᠯᠯᠠᠭ᠎ᠠ ᠳᠤ ᠣᠷᠣᠯᠴᠠᠪᠠ᠃      1 ᠳ᠋ᠦ᠋ᠭᠡᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠪᠥ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃      1 ᠳ᠋ᠦ᠋ᠭᠡᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2021 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠦᠨᠳᠦᠰᠦᠲᠡᠨ ᠤ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢᠶᠠᠨ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠪᠠᠷ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥ᠋ ᠰᠢᠶᠥᠥ ᠯᠢᠨ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠪᠦᠷᠢᠯᠳᠦᠬᠦᠨ ᠪᠣᠯᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      1 ᠳ᠋ᠦ᠋ᠭᠡᠷ ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠲᠠᠰᠤᠲᠤ ᠬᠤᠷᠠᠯ ᠬᠤᠷᠠᠯᠳᠤᠭᠤᠯᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠣᠷᠣᠨ ᠳᠤ ᠢᠷᠡᠬᠦ ᠬᠠᠮᠢᠶ᠎ᠠ ᠪᠦᠬᠦᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠤᠤ ᠴᠦᠨ ᠲᠤᠰ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠥ ᠶᠠᠩ ᠰᠢᠶᠤᠤ ᠬᠤᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃      1 ᠳ᠋ᠦ᠋ᠭᠡᠷ ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠡᠯᠡ ᠮᠥᠩᠭᠦ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠲᠤᠰ ᠲᠤᠰ ᠬᠤᠯᠪᠣᠭᠳᠠᠯ ᠪᠦᠬᠦᠢ ᠵᠥᠪᠯᠡᠯᠴᠡᠭᠡᠷ ᠲᠣᠬᠢᠷᠠᠯᠴᠠᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠮᠳᠠᠭᠤᠯᠤᠨ ᠪᠠᠶᠢᠴᠠᠭᠠᠬᠤ ᠭᠤᠷᠪᠠᠳᠤᠭᠠᠷ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠯᠤᠭ᠎ᠠ ᠨᠢᠭᠤᠷᠳᠠᠵᠤ ᠨᠡᠪᠲᠡᠷᠡᠯᠴᠡᠬᠦ ᠬᠤᠷᠠᠯ ᠬᠤᠷᠠᠯᠳᠤᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠲᠤᠰ ᠬᠤᠷᠠᠯ ᠢ ᠡᠷᠬᠢᠯᠡᠪᠡ᠃      1 ᠳ᠋ᠦ᠋ᠭᠡᠷ ᠰᠠᠷ᠎ᠠ ᠶᠢᠨ 13 ᠤ ᠡᠳᠦᠷ ᠠᠴᠠ 14 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠲᠦᠩᠯᠢᠶᠣᠤ ᠬᠤᠲᠠ ᠳᠤ ᠭᠦᠨᠵᠡᠭᠡᠶᠢᠷᠡᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠠᠬᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠠᠬᠢᠭᠤᠯᠤᠨ᠂ ᠪᠣᠳᠠᠲᠠᠶ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      1 ᠳ᠋ᠦ᠋ᠭᠡᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠬᠤ ᠣᠷᠣᠨ ᠤ ᠲᠡᠷᠢᠭᠦᠯᠡᠭᠴᠢ ᠪᠥ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠭᠦᠨᠵᠡᠭᠡᠶᠢᠷᠡᠵᠦ᠂ ᠮᠠᠨ ᠤ ᠣᠷᠣᠨ ᠤ ᠡᠪᠦᠯ ᠬᠠᠪᠤᠷ ᠤᠨ ᠤᠯᠠᠷᠢᠯ ᠤᠨ ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠬᠢᠵᠦ᠂ ᠲᠠᠶᠢᠪᠤᠰᠢᠷᠠᠬᠤ ᠪᠣᠳᠣᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠂ ᠳᠠᠬᠢᠨ ᠬᠢᠵᠢᠭ ᠳᠡᠯᠭᠡᠷᠡᠬᠦ ᠦᠭᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠥ ᠶᠠᠩ ᠰᠢᠶᠤᠤ ᠬᠤᠢ ᠲᠤᠰ ᠠᠵᠢᠯᠯᠠᠭ᠎ᠠ ᠳᠤ ᠣᠷᠣᠯᠴᠠᠪᠠ᠃      ︽ᠲᠤᠭᠠᠵᠢᠯᠬᠠᠰᠠᠨ ᠤᠮᠠᠷᠠᠲᠤ ᠬᠢᠯᠢ · ᠡᠬᠡ ᠤᠯᠤᠰ ᠲᠠᠢ ᠪᠠᠨ ᠬᠤᠯᠪᠣᠯᠳᠤᠨᠠᠮ — ᠬᠥᠬᠡᠬᠤᠲᠠ ᠶᠢᠨ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭᠠᠯᠠᠬᠤ ᠭᠤᠣᠯᠯᠠᠭᠴᠢ ᠴᠡᠭ︾ ᠢ ᠨᠡᠪᠲᠡᠷᠡᠭᠦᠯᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ ᠤ ᠶᠡᠷᠦᠩᠬᠡᠶ ᠢᠨᠵᠧᠨᠧᠷ ᠬᠠᠨ ᠰᠢᠶᠠ ᠲᠤᠰ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠪᠠ᠃          ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号