1 ᠳ᠋ᠣᠬᠡᠷ ᠰᠠᠷ᠎ᠠ ᠶᠢᠨ 16 ᠤ ᠡᠳᠦᠷ ᠠᠴᠠ 1 ᠳ᠋ᠣᠬᠡᠷ ᠰᠠᠷ᠎ᠠ ᠶᠢᠨ 31 ᠤ ᠡᠳᠦᠷ ᠪᠣᠯᠲᠠᠯᠠᠬᠢ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/9/15
     1 ᠳ᠋ᠦ᠋ᠭᠡᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠥᠬᠡᠬᠤᠲᠠ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠤ ᠠᠷᠠᠯᠵᠢᠶᠡᠨ ᠤ ᠵᠠᠬ᠎ᠠ ᠳᠡᠯᠭᠡᠭᠦᠷ᠂ ᠬᠡᠳᠦ ᠳᠡᠯᠭᠡᠭᠦᠷ ᠲᠤ ᠭᠦᠨᠵᠡᠭᠡᠶᠢᠷᠡᠵᠦ᠂ ᠠᠮᠢᠳᠤᠷᠠᠯ ᠤᠨ ᠡᠳ᠋ ᠪᠠᠷᠠᠭᠠᠨ ᠤ ᠬᠠᠩᠭᠠᠯᠭ᠎ᠠ᠂ ᠢᠳᠡᠭᠡᠨ ᠤ ᠠᠮᠤᠷ ᠲᠦᠪᠰᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠬᠤ ᠳᠤ ᠪᠠᠨ ᠤᠯᠠᠨ ᠲᠦᠮᠡᠨ ᠢ ᠢᠮᠠᠭᠲᠠ ᠪᠤᠳᠤᠵᠤ᠂ ᠤᠯᠠᠨ ᠲᠦᠮᠡᠨ ᠤ ᠠᠮᠢᠳᠤᠷᠠᠯ ᠪᠠ ᠡᠷᠡᠭᠦᠯ ᠮᠡᠨᠳᠤ ᠶᠢ ᠬᠠᠯᠠᠮᠵᠢᠯᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ ᠬᠢᠵᠦ᠂ ᠠᠷᠠᠳ ᠤᠨ ᠪᠠᠶᠢᠳᠠᠯ ᠢ ᠣᠶᠢᠯᠠᠭᠠᠬᠤ ᠪᠠ ᠠᠷᠠᠳ ᠤᠨ ᠠᠮᠢᠳᠤᠷᠠᠯ ᠢ ᠪᠠᠲᠤᠯᠠᠬᠤ ᠶᠢ ᠦᠨᠡᠨ ᠪᠣᠳᠠᠲᠠᠢ ᠠᠵᠢᠯᠯᠠᠭ᠎ᠠ ᠳᠤ ᠪᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠤᠳᠠᠭᠠᠨ ᠤ ᠪᠠᠶᠢᠴᠠᠭᠠᠯᠲᠠ ᠳᠤ ᠣᠷᠣᠯᠴᠠᠪᠠ᠃      1 ᠳ᠋ᠦ᠋ᠭᠡᠷ ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠭᠤᠯᠬᠤ ᠨᠣᠣᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠶ ᠮᠡᠳᠡᠭᠦᠯᠦᠯᠲᠡ ︵ᠬᠢᠨᠠᠭᠤᠯᠬᠤ ᠨᠣᠤᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ ︵ᠬᠢᠨᠠᠭᠤᠯᠬᠤ ᠨᠣᠤᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ︵ᠬᠢᠨᠠᠭᠤᠯᠬᠤ ᠨᠣᠤᠷᠠᠭ︶︾ ᠵᠡᠷᠭᠡ ᠵᠦᠢᠯᠡᠰ ᠢ ᠰᠤᠳᠤᠯᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠶᠠᠷᠢᠯᠴᠠᠪᠠ᠃      1 ᠳ᠋ᠦ᠋ᠭᠡᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠮᠤᠵᠢ ᠶᠢᠨ ᠳᠡᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠷ ᠸᠠᠩ ᠵᠠᠨ ᠢ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠣ ᠪᠣᠯᠭᠤᠭᠠᠨ ᠲᠤᠬᠤᠨᠢᠭᠤᠯᠪᠠ᠃      ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 46 ᠳ᠋ᠤᠭᠠᠷ ᠤᠳᠠᠭᠠᠨ ᠤ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠤᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠵᠦ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠦᠭᠡᠳ ᠤᠨᠤᠴᠠᠳᠠᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃      1 ᠳ᠋ᠦ᠋ᠭᠡᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠥᠬᠡᠬᠤᠲᠠ ᠳᠤ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠩᠬᠡ᠂ ᠳᠡᠳ᠋ ᠡᠷᠬᠢᠯᠡᠭᠴᠢ ᠸᠠᠩ ᠪᠥᠸᠧ᠂ ᠡᠤ ᠲᠤᠸᠠᠨ ᠶᠢᠩ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠯᠢᠶᠠᠨ ᠰᠦ᠋᠂ ᠵᠧᠩ ᠬᠤᠩ ᠹᠠᠨ᠂ ᠯᠢᠦ ᠴᠢ ᠹᠠᠨ ᠤ ᠬᠢᠭᠰᠡᠨ ᠲᠤᠰᠢᠶᠠᠯ ᠳᠤ ᠲᠣᠮᠢᠯᠠᠬᠤ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠲᠤᠰ ᠲᠤᠰ ᠰᠤᠨᠤᠰᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠳᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ︵ᠡᠬᠡ ᠲᠥᠰᠦᠯ︶ ᠶᠢ ᠰᠤᠨᠤᠰᠪᠠ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︵ᠡᠬᠡ ᠲᠥᠰᠦᠯ︶︾ ᠢ ᠬᠢᠨᠠᠨ ᠵᠦᠪᠯᠡᠭᠦᠯᠬᠦ ᠪᠠᠷ ᠳᠡᠪᠰᠢᠭᠦᠯᠬᠦ ᠲᠣᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢ ᠬᠢᠨᠠᠨ ᠵᠦᠪᠯᠡᠵᠦ ᠪᠠᠲᠤᠯᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠭᠰᠡᠨ ᠪᠦᠭᠡᠳ ᠵᠠᠷᠴᠢᠮ ᠤᠨ ᠲᠠᠯ᠎ᠠ ᠪᠠᠷ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2021 ᠣᠨ ᠤ ᠠᠵᠢᠯ ᠤᠨ ᠭᠤᠣᠯᠳᠠᠯᠭ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠢᠯᠡᠰ ᠪᠠ ᠡᠳᠦᠷ ᠤᠨ ᠳᠠᠷᠠᠭᠠᠯᠠᠯ ᠢ ᠬᠢᠨᠠᠨ ᠵᠥᠪᠯᠡᠵᠦ ᠪᠠᠲᠤᠯᠠᠭᠠᠳ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢ 1 ᠳ᠋ᠦ᠋ᠭᠡᠷ ᠰᠠᠷ᠎ᠠ ᠶᠢᠨ 26 ᠤ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ︔ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ︔ ᠠᠵᠢᠯᠲᠠᠨ ᠢ ᠲᠣᠮᠢᠯᠠᠵᠤ ᠪᠠᠭᠤᠯᠭᠠᠬᠤ ᠵᠦᠢᠯᠡᠰ ᠢ ᠪᠠᠲᠤᠯᠠᠪᠠ᠃ ᠱᠢ ᠲᠠᠢ ᠹᠧᠩ ᠠᠴᠠ ᠬᠤᠸᠠᠩ ᠶᠠ ᠯᠢ᠂ ᠰᠦ᠋ ᠰᠢᠤ ᠴᠢᠤᠸᠠᠨ᠂ ᠡᠦ ᠶᠢᠩ᠂ ᠺᠠᠩ ᠰᠢᠤᠸᠠᠢ ᠳ᠋ᠦᠩ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃      ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠴᠣᠬᠤᠯᠠᠪᠤᠷᠢ ᠪᠢᠴᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠡᠯ᠎ᠡ ᠠᠶᠢᠮᠠᠭ ᠬᠤᠳᠠ ᠬᠦᠷᠲᠡᠯ᠎ᠡ ᠬᠤᠷᠠᠯᠳᠤᠭᠤᠯᠪᠠ᠃      ᠬᠥᠬᠡᠬᠤᠲᠠ ᠶᠢᠨ ᠬᠤᠲᠠ ᠶᠢᠨ ᠤᠶᠤᠨ ᠲᠠᠷᠢᠬᠢ ᠶᠢ ᠬᠥᠬᠡᠬᠤᠲᠠ ᠶᠢᠨ ᠣᠶᠣᠨᠯᠢᠭ ᠬᠤᠲᠠ ᠶᠢᠨ ᠵᠢᠯᠣᠭᠤᠳᠬᠤ ᠲᠥᠪ ᠲᠤ ᠵᠢᠩᠬᠢᠨᠢ ᠪᠠᠷ ᠠᠰᠢᠭᠯᠠᠯᠲᠠ ᠳᠤ ᠣᠷᠤᠭᠤᠯᠵᠤ ᠠᠵᠢᠯᠯᠠᠭᠤᠯᠪᠠ᠂ ᠡᠨᠡ ᠨᠢ ᠣᠷᠣᠨ ᠤ ᠲᠦᠪ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠲᠦᠪᠰᠢᠨ ᠳᠤ ᠬᠦᠷᠦᠭᠰᠡᠨ ᠢ ᠬᠠᠷᠠᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠲᠤᠰ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠬᠠᠮᠲᠤ ᠪᠠᠷ ᠬᠤᠲᠠ ᠶᠢᠨ ᠤᠶᠤᠨ ᠲᠠᠷᠢᠬᠢ ᠶᠢᠨ ᠠᠵᠢᠯᠯᠠᠬᠤ ᠳᠠᠷᠤᠪᠴᠢ ᠶᠢ ᠳᠠᠷᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠺᠤᠮᠢᠰ ᠤᠨ ᠡᠷᠬᠢᠯᠡᠭᠴᠢ ᠵᠧᠩ ᠬᠤᠩ ᠹᠠᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠺᠤᠮᠢᠰ ᠤᠨ 2021 ᠣᠨ ᠤ ᠠᠩᠬᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠰᠤᠷᠭᠠᠨ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ᠂ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠨ᠂ ᠨᠠᠮ ᠲᠦᠷᠦ ᠶᠢᠨ ᠰᠤᠷᠭᠠᠨ ᠬᠥᠮᠦᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2020 ᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠠᠵᠢᠯ ᠢᠶᠠᠨ ᠳ᠋ᠦᠩᠨᠡᠭᠰᠡᠨ ᠤ ᠬᠠᠮᠲᠤ᠂ 2021 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠪᠦᠷᠢᠯᠳᠦᠬᠦᠨ ᠨᠢᠭᠡᠴᠢ ᠨᠦᠭᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠡᠯ᠎ᠡ ᠠᠶᠢᠮᠠᠭ ᠬᠤᠲᠠ ᠶᠢᠨ ᠬᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠤᠭᠤᠳᠬᠤ ᠺᠣᠮᠢᠰ ᠤᠨ ᠪᠥᠬᠦ ᠠᠵᠢᠯᠲᠠᠨ ᠲᠤᠰ ᠬᠤᠷᠠᠯ ᠳᠤ ᠣᠷᠤᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠯᠠᠭᠠᠨᠬᠠᠳᠠ ᠬᠤᠲᠠ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠤ ᠠᠷᠠᠯᠵᠢᠶᠡᠨ ᠤ ᠵᠠᠬ᠎ᠠ ᠳᠡᠯᠭᠡᠭᠦᠷ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠭᠠᠨᠬᠠᠳᠠ ᠬᠤᠲᠠ ᠶᠢᠨ ᠮᠥᠩᠭᠦᠨ ᠭᠦᠢᠯᠭᠡᠭᠡ᠂ ᠬᠤᠳᠠᠯᠳᠤᠭᠠᠨ ᠤ ᠶᠠᠪᠤᠳᠠᠯ ᠵᠢᠴᠢ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     1 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ᠮᠠᠨ ᠤ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠤᠤᠯ ᠲᠠᠯᠠᠪᠠᠶ ᠶᠢᠨ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳ᠋ᠦᠩᠨᠡᠨ᠂ ᠪᠦᠲᠦᠮᠵᠢᠲᠡᠢ ᠵᠣᠯᠭᠠᠭᠤᠯᠬᠤ ᠪᠣᠳᠠᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠬᠢᠯᠡᠪᠡ᠃      ᠪᠥᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠤᠮᠠᠨᠳᠠᠯᠠᠭᠴᠢ ᠵᠠᠩ ᠶᠢᠩ ᠺᠦᠢ ᠬᠤᠷᠠᠯ ᠳᠤ ᠣᠷᠤᠯᠴᠠᠭᠰᠠᠨ ᠤ ᠬᠠᠮᠲᠤ 2021 ᠣᠨ ᠤ ᠪᠦᠬᠦ ᠣᠷᠣᠨ ᠤ ᠴᠡᠷᠢᠭ ᠡᠯᠰᠡᠬᠦ ᠠᠵᠢᠯ ᠢ ᠪᠠᠶᠢᠷᠢᠯᠠᠭᠤᠯᠪᠠ᠃      1 ᠳ᠋ᠦ᠋ᠭᠡᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠦᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠤᠰ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠤᠯᠴᠠᠭᠰᠠᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠵᠠᠰᠠᠭ ᠤᠨ ᠣᠷᠳᠣᠨ ᠠᠴᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠥᠩ ᠾᠧ ᠲᠡᠷᠢᠭᠦᠯᠡᠭᠴᠢᠳ ᠤᠨ ᠬᠤᠷᠠᠯ ᠢ ᠲᠦᠯᠦᠭᠡᠯᠡᠨ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ᠂ ᠴᠠᠩ ᠵᠢᠶᠦ᠋ᠨ ᠵᠧᠩ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠯᠢ ᠱᠣᠤ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠤᠯᠴᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠢ ᠬᠤᠷᠠᠯᠳᠤᠭᠤᠯᠬᠤ ᠲᠤᠬᠠᠶ ᠲᠣᠭᠲᠠᠭᠠᠯ ᠢ ᠬᠢᠨᠠᠨ ᠵᠦᠪᠯᠡᠵᠦ ᠪᠠᠲᠤᠯᠠᠭᠠᠳ ᠠᠵᠢᠯᠲᠠᠨ ᠤ ᠶᠠᠪᠤᠳᠠᠯ ᠤᠨ ᠬᠤᠯᠪᠣᠭᠳᠠᠯ ᠪᠥᠬᠦᠶ ᠵᠦᠢᠯᠡᠰ ᠤᠨ ᠲᠠᠯ᠎ᠠ ᠪᠠᠷ ᠬᠢ ᠲᠣᠳᠣᠷᠬᠠᠶᠢᠯᠠᠯᠲᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠡᠯ᠎ᠡ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠵᠢᠴᠢ ᠡᠷᠢᠶᠡᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠴᠥᠭᠡᠨ ᠲᠣᠭᠠᠲᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠬᠤᠷᠠᠯ ᠳᠤ ᠣᠷᠣᠯᠴᠠᠪᠠ᠃      1 ᠳ᠋ᠦ᠋ᠭᠡᠷ ᠰᠠᠷ᠎ᠠ ᠶᠢᠨ 25 ᠤ ᠡᠳᠦᠷ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ ᠬᠤᠷᠠᠯ ᠳᠤ ᠣᠷᠤᠯᠴᠠᠵᠤ ᠪᠠᠶᠠᠷ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠦᠩ ᠾᠧ ᠲᠤᠰ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠯᠦᠸᠧ ᡁᠢ ᠬᠤ᠋᠂ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ᠂ ᠴᠠᠩ ᠵᠢᠶᠦ᠋ᠨ ᠵᠧᠩ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠯᠢᠨ ᠱᠣᠣ ᠴᠦᠨ᠂ ᠸᠠᠩ ᠯᠢ ᠰᠢᠶᠠ᠂ ᠪᠠᠶ ᠢᠤᠶ ᠭᠠᠩ᠂ ᠮᠧᠩ ᠹᠠᠨ ᠯᠢ᠂ ᠶᠠᠩ ᠸᠧᠶ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠢ᠂ ᠮᠠ ᠴᠢᠩ ᠯᠸᠢ᠂ ᠶᠠᠩ ᠰᠢᠶᠤᠤ ᠺᠠᠩ᠂ ᠨᠠᠰᠦᠨᠮᠦ᠋ᠩᠬᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠠᠶ ᠯᠢ ᠬᠤᠸᠠ᠂ ᠡᠸᠤ ᠶᠠᠩ ᠰᠢᠶᠤᠤ ᠬᠤᠶ᠂ ᠯᠢ ᠪᠢᠩ ᠷᠦᠩ᠂ ᠪᠣᠣ ᠭᠠᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠵᠠᠩ ᠶᠢᠩ ᠺᠦᠶ᠂ ᠶᠠᠩ ᠽᠦᠩ ᠷᠧᠨ᠂ ᠯᠢ ᠴᠢ ᠯᠢᠨ᠂ ᠴᠧᠨ ᠯᠦ ᠱᠧᠩ᠂ ᠰᠢᠶᠤᠤ ᠹᠠᠩ ᠵᠢᠤᠢ ᠨᠠᠷ ᠪᠣᠢ᠃ ᠴᠡᠴᠡᠭ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠳ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃     1 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠡᠬᠢᠯᠡᠪᠡ᠃ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠱᠢ ᠲᠠᠢ ᠹᠧᠩ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠨᠠᠰᠦᠨᠮᠦ᠋ᠩᠬᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠦᠩ᠂ ᠾᠧ ᠶᠠᠨ ᠯᠢᠩ᠂ ᠱᠢ ᠸᠧᠨ ᠰᠢᠦᠸᠠᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠣᠤ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠶ ᠢᠤᠶ ᠭᠠᠩ᠂ ᠮᠧᠩ ᠹᠠᠨ ᠯᠢ᠂ ᠶᠠᠩ ᠸᠧᠶ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠶ᠂ ᠮᠠ ᠴᠢᠩ ᠯᠸᠢ᠂ ᠶᠠᠩ ᠰᠢᠶᠤᠤ ᠺᠠᠩ᠂ ᠠᠶ ᠯᠢ ᠬᠤᠸᠠ᠂ ᠡᠸᠤ ᠶᠠᠩ ᠰᠢᠶᠤᠤ ᠬᠤᠶ᠂ ᠯᠢ ᠪᠢᠩ ᠷᠦᠩ᠂ ᠪᠤᠤ ᠭᠠᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠸᠠᠩ ᠵᠦᠩ ᠾᠧ᠂ ᠯᠦᠸᠧ ᡁᠢ ᠬᠤ᠋᠂ ᠳ᠋ᠦᠩ ᠾᠧᠩ ᠢᠤᠢ᠂ ᠵᠧᠩ ᠹᠦ᠋ ᠲᠢᠶᠠᠨ᠂ ᠯᠢᠦ ᠰᠢᠨ ᠯᠧ᠂ ᠴᠠᠩ ᠵᠢᠶᠦ᠋ᠨ ᠵᠧᠩ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ᠂ ᠵᠠᠩ ᠶᠢᠩ ᠺᠦᠢ᠂ ᠯᠢ ᠱᠤᠤ ᠵᠢᠶᠦ᠋ᠨ᠂ ᠸᠠᠩ ᠰᠢᠤᠸᠠᠢ ᠡᠦ᠂ ᠶᠠᠩ ᠽᠦᠩ ᠷᠧᠨ᠂ ᠯᠢ ᠴᠢ ᠯᠢᠨ᠂ ᠰᠢᠶᠤᠤ ᠹᠠᠩ ᠵᠢᠤᠢ ᠵᠡᠷᠭᠡ ᠤᠳᠤᠷᠢᠳᠤᠯᠭ᠎ᠠ ᠪᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠣᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠪᠡᠯ᠂ ᠶᠡᠭᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2021 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ ᠬᠢᠨᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠶᠠᠨ ᠰᠦ᠋ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︵ᠲᠥᠰᠦᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ︵ᠲᠥᠰᠦᠯ︶︾ ᠶᠢᠨ ᠲᠤᠬᠠᠶ ᠲᠣᠳᠣᠷᠬᠠᠶᠢᠯᠠᠯᠲᠠ ᠬᠢᠪᠠ᠃ ᠥᠪᠡᠷᠲᠡᠭᠡᠨ ᠵᠠᠰᠠᠬᠤ ᠣᠷᠣᠨ ᠳᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠲᠤᠰ ᠤᠳᠠᠭ᠎ᠠ ᠶᠢᠨ ᠪᠦᠬᠦᠳᠡ ᠬᠤᠷᠠᠯ ᠳᠤ ᠰᠤᠯᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠳ ᠠᠯᠤᠰ ᠡᠵᠡᠮᠰᠢᠯᠲᠦ ᠸᠢᠳᠢᠣ᠋ ᠪᠠᠷ ᠬᠤᠷᠠᠯ ᠳᠤ ᠰᠤᠯᠠ ᠣᠷᠣᠯᠴᠠᠪᠠ᠃     1 ᠳ᠋ᠦ᠋ᠭᠡᠷ ᠰᠠᠷ᠎ᠠ ᠶᠢᠨ 26 ᠤ ᠡᠳᠦᠷ ᠠᠴᠠ 27 ᠤ ᠡᠳᠦᠷ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠪᠠᠶ ᠢᠤᠶ ᠭᠠᠩ᠂ ᠮᠧᠩ ᠹᠠᠨ ᠯᠢ᠂ ᠶᠠᠩ ᠸᠧᠶ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠶ᠂ ᠮᠠ ᠴᠢᠩ ᠯᠸᠢ ᠨᠠᠷ ᠲᠣᠰ ᠲᠣᠰ ᠤᠨ ᠪᠠᠶᠢᠭ᠎ᠠ ᠲᠥᠯᠥᠭᠡᠯᠡᠭᠴᠢᠳ ᠤᠨ ᠪᠦᠯᠬᠦᠮ ᠳᠤ ᠪᠠᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃     1 ᠳ᠋ᠦ᠋ᠭᠡᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠠᠵᠤ ᠠᠬᠤᠶ ᠶᠢᠨ ᠡᠲᠡᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠤᠯᠴᠠᠬᠤ ᠳᠤ ᠪᠠᠨ ᠪᠥᠬᠦ ᠣᠷᠣᠨ ᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠣᠯ ᠪᠣᠯᠬᠤ ᠠᠵᠢᠯ ᠳᠤ ᠪᠠᠨ ᠠᠩᠬᠠᠷᠤᠯ ᠢᠶᠠᠨ ᠲᠦᠪᠯᠡᠷᠡᠭᠦᠯᠵᠦ ᠶᠡᠭᠡ ᠲᠠᠯ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠴᠢᠳᠠᠪᠤᠷᠢ ᠪᠠ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠣᠳᠣᠬᠢᠴᠢᠯᠠᠭᠰᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠤ ᠴᠦᠨ᠂ ᠳ᠋ᠤᠸᠠᠨ ᡁᠢ ᠴᠢᠶᠠᠩ᠂ ᠸᠠᠩ ᠵᠥᠩ ᠾᠧ᠂ ᠴᠠᠩ ᠵᠢᠶᠦ᠋ᠨ ᠵᠧᠩ ᠲᠤᠰ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠬᠤᠶᠠᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠬᠤᠷᠠᠯᠳᠤᠭᠤᠯᠵᠤ᠂ 12 ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠸᠠᠩ ᠵᠥᠩ ᠾᠧ᠂ ᠯᠦᠸᠧ ᡁᠢ ᠬᠤ᠋᠂ ᠳ᠋ᠦᠩ ᠾᠧᠩ ᠢᠤᠶ᠂ ᠯᠢᠦ ᠰᠢᠨ ᠯᠧ᠂ ᠴᠠᠩ ᠵᠢᠶᠦ᠋ᠨ ᠵᠧᠩ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠲᠤᠰ ᠬᠤᠷᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠯᠢ ᠱᠣᠤ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠭᠡᠰᠢᠭᠦᠳ ᠤᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠣᠨᠣᠰᠪᠠ᠃ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠠᠵᠢᠯᠳᠠᠨ ᠤ ᠶᠠᠪᠤᠳᠠᠯ ᠤᠨ ᠵᠦᠢᠯᠡᠰ ᠤᠨ ᠲᠤᠬᠠᠢ ᠲᠣᠳᠣᠷᠬᠠᠶᠢᠯᠠᠯᠲᠠ ᠬᠢᠪᠡ᠃      ᠸᠧᠶ ᠭᠦᠸᠧ ᠨᠠᠨ ᠰᠣᠩᠭᠤᠭᠤᠯᠢ ᠶᠢᠨ ᠠᠷᠭ᠎ᠠ ᠶᠢᠨ ᠲᠥᠰᠦᠯ ᠤᠨ ᠲᠤᠬᠠᠶ ᠲᠣᠳᠣᠷᠬᠠᠶᠢᠯᠠᠯᠲᠠ ᠬᠢᠪᠡ᠃     1 ᠳ᠋ᠦ᠋ᠭᠡᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠳᠤ ᠬᠤᠶᠠᠳᠤᠭᠠᠷ ᠤᠳᠠᠭᠠᠨ ᠤ ᠪᠦᠭᠦᠳᠡ ᠬᠤᠷᠠᠯ ᠢ ᠬᠤᠷᠠᠯᠳᠤᠭᠤᠯᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠵᠠᠩ ᠶᠤᠸᠠᠨ ᠵᠦᠩ ᠲᠤᠰ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠾᠧ ᠶᠠᠨ ᠯᠢᠩ᠂ ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠢᠤᠢ ᠯᠢ ᠰᠢᠨ᠂ ᠹᠧᠩ ᠢᠤᠢ ᠵᠧᠨ᠂ ᠯᠦᠸᠧ ᠬᠤ᠋ ᠽᠠᠢ᠂ ᠨᠢᠦ ᠵᠢᠶᠦ᠋ᠨ ᠶᠠᠨ᠂ ᠱᠢ ᠸᠠᠨ ᠵᠢᠶᠦ᠋ᠨ᠂ ᠵᠠᠩ ᠪᠠᠢ ᠴᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠱᠢ ᠲᠠᠢ ᠹᠧᠩ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠢ ᠢᠤᠢ ᠭᠠᠩ᠂ ᠮᠧᠩ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠢ᠂ ᠮᠠ ᠴᠢᠩ ᠯᠸᠢ ᠵᠡᠷᠭᠡ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠣᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠩᠬᠡ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ ᠯᠢᠨ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠤᠷᠠᠯ ᠳᠤ ᠰᠤᠯᠠ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠭᠰᠠᠨ ᠭᠡᠰᠢᠭᠦᠳ ᠶᠡᠭᠡ ᠬᠤᠷᠠᠯ ᠤᠨ ᠵᠠᠷᠢᠮ ᠵᠦᠢᠯ ᠢ ᠵᠥᠪᠯᠡᠬᠦ ᠳᠤ ᠰᠤᠯᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠳ ᠠᠯᠤᠰ ᠡᠵᠡᠮᠰᠢᠯᠲᠦ ᠸᠢᠳᠢᠣ᠋ ᠪᠠᠷ ᠬᠤᠷᠠᠯ ᠳᠤ ᠰᠤᠯᠠ ᠣᠷᠣᠯᠴᠠᠪᠠ᠃      1 ᠳ᠋ᠦ᠋ᠭᠡᠷ ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠭᠤᠷᠪᠠᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠬᠤᠷᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠤᠩᠭᠤᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠯᠢ ᠱᠣᠤ ᠵᠢᠶᠦ᠋ᠨ ᠬᠤᠷᠠᠯ ᠳᠤ ᠣᠷᠣᠯᠴᠠᠪᠠ᠃ ᠬᠤᠷᠠᠯ ᠠᠴᠠ ᠸᠠᠩ ᠵᠦᠩ ᠾᠧ᠂ ᠴᠠᠩ ᠵᠢᠶᠦ᠋ᠨ ᠵᠧᠩ ᠨᠥᠬᠦᠷ ᠤᠨ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ᠂ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠨᠢ ᠵᠥᠪᠰᠢᠶᠡᠷᠡᠭᠰᠡᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ ᠪᠠ ᠰᠣᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠤᠩᠭᠤᠪᠠ᠃ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠠ ᠪᠢᠯᠧᠲ ᠪᠦᠷᠢᠳᠭᠡᠭᠰᠡᠨ ᠦᠷ᠎ᠡ ᠳ᠋ᠦᠩ ᠢ ᠦᠨᠳᠦᠰᠦᠯᠡᠨ᠂ ᠮᠠ ᠰᠢᠤᠸᠠᠢ ᠵᠢᠶᠦ᠋ᠨ᠂ ᠡᠸᠤ ᠶᠠᠩ ᠰᠢᠶᠤᠤ ᠬᠤᠶ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ ᠪᠠᠷ ᠰᠣᠩᠭᠤᠭᠳᠠᠪᠠ︔ ᠸᠠᠩ ᠯᠢ ᠬᠤᠩ᠂ ᠸᠠᠩ ᠬᠦᠶ ᠶᠢᠨ᠂ ᠸᠠᠩ ᠷᠦᠢ ᠹᠧᠩ᠂ ᠱᠤᠸᠠᠩ ᠯᠦᠩ᠂ ᠪᠦᠬᠡ᠂ ᠯᠢ ᠵᠢᠶᠦ᠋ᠨ᠂ ᠯᠢ ᠬᠤᠩ ᠼᠠᠢ᠂ ᠶᠠᠩ ᠱᠦ᠂ ᠠᠨᠠᠨᠳᠠ᠂ ᠵᠧᠩ ᠵᠢᠶᠠᠨ ᠬᠤᠩ᠂ ᠵᠣᠣ ᠵᠢᠶᠠᠩ ᠲᠤᠤ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃      ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠬᠥᠬᠡᠬᠤᠲᠠ ᠳᠤ ᠲᠡᠭᠦᠰᠪᠡ᠃ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠶᠢᠨ ᠰᠠᠶᠢᠬᠠᠨ ᠤᠶᠤᠨ ᠰᠠᠨᠠᠭᠠᠨ ᠤ ᠳᠥᠷᠰᠦ ᠪᠠᠶᠢᠳᠠᠯ ᠪᠠ ᠠᠵᠢᠯ ᠤᠨ ᠣᠪᠣᠷ ᠪᠠᠶᠢᠳᠠᠯ ᠢᠶᠠᠨ ᠢᠮᠠᠭᠲᠠ ᠪᠠᠷᠢᠮᠲᠠᠯᠠᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠦᠷᠭᠦᠯᠵᠢᠯᠡᠨ ᠲᠡᠮᠡᠴᠡᠵᠦ᠂ ᠬᠢᠯᠠᠯᠵᠠᠭᠰᠠᠨ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠤᠷᠢᠶᠠᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ ᠬᠤᠷᠠᠯ ᠳᠤ ᠣᠷᠣᠯᠴᠠᠵᠤ ᠪᠠᠶᠠᠷ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠲᠡᠭᠦᠰᠬᠦ ᠶᠡᠭᠡ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋᠂ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠤ ᠶᠠᠩ ᠰᠢᠶᠤᠤ ᠬᠤᠶ᠂ ᠸᠧᠶ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ᠄ ᠯᠢᠨ ᠱᠤᠤ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠢ ᠢᠤᠢ ᠭᠠᠩ᠂ ᠮᠧᠩ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠢ᠂ ᠮᠠ ᠴᠢᠩ ᠯᠸᠢ᠂ ᠶᠠᠩ ᠰᠢᠶᠤᠤ ᠺᠠᠩ᠂ ᠨᠠᠰᠦᠨᠮᠦ᠋ᠩᠬᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠦᠩ᠂ ᠾᠧ ᠶᠠᠨ ᠯᠢᠩ᠂ ᠠᠢ ᠯᠢ ᠬᠤᠸᠠ᠂ ᠯᠢ ᠪᠢᠩ ᠷᠦᠩ᠂ ᠪᠣᠣ ᠭᠠᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠵᠠᠩ ᠶᠢᠩ ᠺᠦᠢ᠂ ᠯᠢ ᠱᠤᠤ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠰᠢᠶᠤᠤ ᠹᠠᠩ ᠵᠢᠤᠢ ᠨᠠᠷ ᠪᠣᠢ᠃ ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠂ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠢᠢᠳᠪᠦᠷᠢ ᠶᠢ ᠪᠠᠲᠤᠯᠠᠵᠤ᠂ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠦᠪᠯᠡᠯ ᠤᠨ ᠮᠡᠳᠡᠭᠦᠯᠦᠯᠲᠡ ᠶᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠢᠯᠢᠳᠡᠭ ᠰᠠᠨᠠᠯ ᠳᠤᠷᠠᠳᠤᠯᠭ᠎ᠠ ᠶᠢ ᠬᠦᠬᠢᠭᠦᠯᠦᠨ ᠰᠠᠶᠢᠰᠢᠶᠠᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠳ ᠤᠷᠢᠯᠭ᠎ᠠ ᠪᠠᠷ ᠲᠤᠰ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠠᠰᠤᠨᠮᠦ᠋ᠩᠬᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠱᠢ ᠸᠧᠨ ᠰᠢᠤᠸᠠᠢ ᠬᠤᠷᠠᠯ ᠳᠤ ᠣᠷᠣᠯᠴᠠᠪᠠ᠃ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ᠂ ᠲᠥᠯᠥᠪᠯᠡᠭᠡ ᠪᠠ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ ᠭᠤᠤ ᠷᠦᠨ ᠰᠢ ᠶᠢᠨ ᠬᠢᠭᠰᠡᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠡᠳᠡᠭᠦᠯᠦᠯᠲᠡ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠲᠥᠯᠥᠭᠡᠯᠡᠭᠴᠢᠳ ᠤᠨ ᠪᠦᠯᠬᠦᠮ ᠳᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠭᠰᠡᠨ ᠪᠠᠶᠢᠳᠠᠯ ᠤᠨ ᠲᠣᠬᠠᠢ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠶᠢᠨ ᠬᠢᠭᠰᠡᠨ ᠮᠡᠳᠡᠭᠦᠯᠦᠯᠲᠡ ᠶᠢ ᠰᠤᠨᠤᠰᠴᠤ᠂ ᠲᠥᠯᠥᠭᠡᠯᠡᠭᠴᠢᠳ ᠤᠨ ᠬᠢᠨᠠᠨ ᠵᠦᠪᠯᠡᠬᠦ ᠳᠤ ᠪᠠᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠬᠤᠷᠢᠶᠠᠩᠭᠤᠶᠢᠯᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠳᠤ ᠲᠣᠰ ᠲᠣᠰ ᠰᠢᠯᠵᠢᠭᠦᠯᠦᠨ ᠲᠤᠰᠢᠶᠠᠵᠤ ᠰᠤᠳᠤᠯᠤᠨ ᠭᠦᠢᠴᠡᠳᠭᠡᠯᠭᠡᠬᠦ ᠪᠠᠷ ᠲᠣᠭᠲᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠸᠠᠩ ᠪᠥᠸᠧ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ᠢ ᠬᠢᠨᠠᠭᠰᠠᠨ ᠦᠷ᠎ᠡ ᠳ᠋ᠦᠩ ᠤᠨ ᠲᠣᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2021 ᠣᠨ ᠤ ᠲᠥᠰᠦᠪ ᠤᠨ ᠲᠥᠰᠦᠯ ᠢ ᠬᠢᠨᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠤᠨᠤᠰᠴᠤ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠯᠢᠶᠠᠨ ᠰᠦ᠋ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠤᠨᠤᠰᠴᠤ ᠪᠠᠲᠤᠯᠠᠭᠠᠳ ᠳᠡᠭᠡᠷ᠎ᠡ ᠳᠤᠷᠠᠳᠤᠭᠰᠠᠨ ᠲᠦᠷᠪᠡᠨ ᠮᠡᠳᠡᠭᠦᠯᠦᠯᠲᠡ ᠶᠢ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃ ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠺᠠᠶ ᠶᠢᠨ ᠬᠢᠭᠰᠡᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠦᠪᠯᠡᠯ ᠤᠨ ᠡᠷᠬᠢᠯᠡᠭᠴᠢ ᠶᠢᠨ ᠵᠢᠱᠢᠭᠳᠡᠭᠴᠢ ᠪᠠ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠰᠡᠳ ᠢ ᠵᠦᠪᠳᠡᠨ ᠶᠠᠷᠢᠯᠴᠠᠭᠰᠠᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠤᠨᠤᠰᠴᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ ᠤᠨ ᠲᠥᠰᠦᠯ ᠢ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠵᠤ᠂ ᠲᠡᠷᠢᠭᠦᠯᠡᠭᠴᠢᠳ ᠤᠨ ᠪᠦᠯᠬᠦᠮ ᠠᠴᠠ ᠨᠡᠷ᠎ᠡ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠰᠡᠳ ᠢ ᠵᠢᠩᠬᠢᠨᠢ ᠵᠢᠱᠢᠭᠳᠡᠭᠴᠢ ᠶᠢᠨ ᠬᠤᠪᠢ ᠠᠴᠠ ᠶᠡᠭᠡ ᠬᠤᠷᠠᠯ ᠳᠤ ᠳᠡᠪᠰᠢᠭᠦᠯᠦᠨ ᠰᠤᠩᠭᠤᠭᠤᠯᠬᠤ ᠪᠠᠷ ᠲᠣᠭᠲᠠᠪᠠ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠦᠯ︶︾ ᠢ ᠪᠠᠲᠤᠯᠠᠵᠤ᠂ ᠡᠨᠡ ᠬᠦ ᠨᠡᠷᠡᠰ ᠤᠨ ᠲᠥᠰᠦᠯ ᠢ ᠪᠦᠬᠦ ᠲᠦᠯᠦᠭᠡᠯᠡᠭᠴᠢ ᠳᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠬᠤ ᠪᠠᠷ ᠲᠣᠭᠲᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠯᠢᠶᠠᠨ ᠰᠦ᠋ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠲᠤᠯᠠᠵᠤ᠂ ᠲᠦᠷᠢᠮ ᠤᠨ ᠲᠥᠰᠦᠯ ᠤᠨ ᠪᠠᠲᠤᠯᠠᠭᠰᠠᠨ ᠨᠣᠤᠷᠠᠭ ᠢ ᠪᠥᠬᠦ ᠲᠦᠯᠦᠭᠡᠯᠡᠭᠴᠢ ᠳᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠦᠨ ᠪᠠᠲᠤᠯᠠᠭᠤᠯᠬᠤ ᠪᠠᠷ ᠲᠣᠭᠲᠠᠪᠠ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠦᠰᠦᠯ︶︾ ︽ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶︾ ︽ᠥᠪᠡᠷᠲᠡᠭᠡᠨ ᠵᠠᠰᠠᠬᠤ ᠣᠷᠣᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶︾ ︽ᠥᠪᠡᠷᠲᠡᠭᠡᠨ ᠵᠠᠰᠠᠬᠤ ᠣᠷᠣᠨ ᠤ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2021 ᠣᠨ ᠤ ᠲᠥᠰᠦᠪ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠦᠰᠦᠯ︶︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠥᠰᠦᠯ︶︾ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ ︵ᠲᠦᠰᠦᠯ︶︾ ᠶᠢ ᠪᠠᠲᠤᠯᠠᠵᠤ᠂ ᠪᠠᠲᠤᠯᠠᠭᠰᠠᠨ ᠤ ᠳᠠᠷᠠᠭᠠᠬᠢ ᠡᠯ᠎ᠡ ᠵᠦᠢᠯ ᠤᠨ ᠰᠢᠢᠳᠪᠦᠷᠢ ᠶᠢᠨ ᠲᠥᠰᠦᠯ ᠢ ᠪᠦᠬᠦ ᠲᠥᠯᠥᠭᠡᠯᠡᠭᠴᠢ ᠳᠤ ᠳᠠᠷᠤᠮᠠᠯᠯᠠᠨ ᠲᠠᠷᠬᠠᠭᠠᠵᠤ᠂ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠪᠠᠲᠤᠯᠠᠭᠤᠯᠬᠤ ᠪᠠᠷ ᠲᠣᠭᠲᠠᠪᠠ᠃      ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 47 ᠳ᠋ᠤᠭᠠᠷ ᠤᠳᠠᠭᠠᠨ ᠤ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤᠲᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠠᠵᠢᠯᠯᠠᠬᠤ ᠳᠤᠭᠤᠶᠢᠯᠠᠩ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃     1 ᠳ᠋ᠦ᠋ᠭᠡᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠤᠯᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠯᠢᠶᠠᠨ ᠰᠦ᠋ ᠲᠤᠰ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠱᠢ ᠸᠧᠨ ᠰᠢᠤᠸᠠᠢ᠂ ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠵᠠᠩ ᠶᠢᠩ ᠺᠦᠢ᠂ ᠮᠧᠩ ᠰᠢᠶᠠᠨ ᠳ᠋ᠦᠩ᠂ ᠹᠸᠢ ᠳ᠋ᠦᠩ ᠪᠢᠨ᠂ ᠯᠢᠦ ᠵᠢᠶᠠᠨ ᠰᠢ᠂ ᠸᠠᠨ ᠴᠤᠤ ᠴᠢ᠂ ᠵᠤᠤ ᠵᠢᠶᠠᠩ ᠲᠤᠤ᠂ ᠴᠠᠩ ᡁᠢ ᠭᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠱᠢ ᠲᠠᠢ ᠹᠧᠩ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠢ ᠢᠤᠢ ᠭᠠᠩ᠂ ᠮᠧᠩ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠢ᠂ ᠮᠠ ᠴᠢᠩ ᠯᠸᠢ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠣᠢ᠃ ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠲᠣᠬᠠᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠨᠡᠷᠡᠰ︾ ᠪᠠᠳᠤᠯᠠᠪᠠ᠂ ᠵᠠᠩ ᠶᠤᠸᠠᠨ ᠵᠦᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠭᠡᠰᠢᠭᠦᠨ ᠤ ᠲᠤᠰᠢᠶᠠᠯ ᠢ ᠡᠭᠦᠷᠭᠡᠯᠡᠪᠡ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ︾ ᠢ ᠪᠠᠲᠤᠯᠠᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠢᠯᠧᠲ ᠥᠭᠴᠦ ᠰᠤᠩᠭᠤᠭᠰᠠᠨ ᠢᠶᠠᠷ ᠯᠢᠦ ᠸᠠᠨ ᠬᠤᠸᠠ᠂ ᠰᠢᠤᠢ ᠲᠢᠩ ᠵᠠᠩ᠂ ᠯᠢ ᠭᠠᠩ᠂ ᠯᠢ ᠴᠢᠤᠸᠠᠨ ᠸᠧᠨ᠂ ᠶᠠᠩ ᠴᠦᠨ ᠱᠠᠨ᠂ ᠵᠠᠩ ᠴᠧᠨ᠂ ᠴᠧᠨ ᠵᠢᠶᠧ᠂ ᠴᠢ ᠶᠢᠨ ᠢᠤᠢ᠂ ᠶᠤᠸᠠᠢ ᡁᠢ ᠵᠢᠶᠦ᠋ᠨ᠂ ᠵᠢᠶᠠᠩ ᠪᠥᠸᠧ ᠶᠠᠨ᠂ ᠭᠦᠩ ᠵᠢᠶᠠ ᠳ᠋ᠦᠩ᠂ ᠲᠠᠨ ᠵᠢᠩ ᠹᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠬᠥᠬᠡᠬᠤᠲᠠ ᠳᠤ ᠠᠮᠵᠢᠯᠲᠠ ᠲᠠᠢ ᠲᠡᠭᠦᠰᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠨᠠᠰᠦᠨᠮᠦ᠋ᠩᠬᠡ᠂ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠦᠩ᠂ ᠾᠧ ᠶᠠᠨ ᠯᠢᠩ᠂ ᠱᠢ ᠸᠧᠨ ᠰᠢᠤᠸᠠᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ᠄ ᠯᠢ ᠰᠢᠤ ᠯᠢᠩ᠂ ᠯᠢᠨ ᠱᠣᠣ ᠴᠦᠨ᠂ ᠸᠠᠩ ᠯᠢ ᠰᠢᠶᠠ᠂ ᠯᠢᠦ ᠴᠢ ᠹᠠᠨ᠂ ᠪᠠᠶ ᠢᠤᠶ ᠭᠠᠩ᠂ ᠮᠧᠩ ᠹᠠᠨ ᠯᠢ᠂ ᠶᠠᠩ ᠸᠧᠶ ᠳ᠋ᠦᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠵᠠᠩ ᠧᠨ ᠬᠤᠶ᠂ ᠮᠠ ᠴᠢᠩ ᠯᠸᠢ᠂ ᠶᠠᠩ ᠰᠢᠶᠤᠤ ᠺᠠᠩ᠂ ᠠᠶ ᠯᠢ ᠬᠤᠸᠠ᠂ ᠯᠢ ᠪᠢᠩ ᠷᠦᠩ᠂ ᠪᠣᠣ ᠭᠠᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ᠂ ᠯᠦᠸᠧ ᡁᠢ ᠬᠤ᠋᠂ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠤ ᠶᠠᠩ ᠰᠢᠶᠤᠤ ᠬᠤᠶ᠂ ᠸᠧᠶ ᠭᠦᠸᠧ ᠨᠠᠨ᠂ ᠵᠠᠩ ᠶᠢᠩ ᠺᠦᠶ᠂ ᠸᠠᠩ ᠰᠢᠤᠸᠠᠢ ᠡᠤ᠂ ᠶᠠᠩ ᠽᠦᠩ ᠷᠧᠨ᠂ ᠯᠢ ᠴᠢ ᠯᠢᠨ᠂ ᠴᠧᠨ ᠯᠦ ᠱᠧᠩ᠂ ᠰᠢᠶᠤᠤ ᠹᠠᠩ ᠵᠢᠤᠢ ᠵᠡᠷᠭᠡ ᠤᠳᠤᠷᠢᠳᠤᠯᠭ᠎ᠠ ᠪᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠠᠷ ᠪᠣᠢ᠃ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠤᠬᠠᠶ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ 2020 ᠣᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2021 ᠣᠨ ᠤ ᠲᠥᠰᠦᠪ ᠤᠨ ᠲᠤᠬᠠᠶ ᠰᠢᠢᠳᠪᠦᠷᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠳᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠲᠤᠰ ᠤᠳᠠᠭᠠᠨ ᠤ ᠪᠦᠬᠦᠳᠡ ᠬᠤᠷᠠᠯ ᠳᠤ ᠰᠤᠯᠠ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠦᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠳ ᠠᠯᠤᠰ ᠡᠵᠡᠮᠰᠢᠯᠲᠦ ᠸᠢᠳᠢᠣ᠋ ᠪᠠᠷ ᠬᠤᠷᠠᠯ ᠳᠤ ᠰᠤᠯᠠ ᠣᠷᠤᠯᠴᠠᠪᠠ᠃          ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号