ᠮᠡᠭᠡᠵᠢ ᠰᠦ ᠪᠠᠭᠤᠬᠤ ᠦᠭᠡᠢ ᠪᠣᠯ ᠶᠠᠭᠠᠬᠢᠬᠤ ᠪᠤᠢ
ᠨᠡᠶᠢᠲᠡᠯᠡᠭᠰᠡᠨ ᠴᠠᠭ᠄
2021/9/16
     ᠮᠡᠭᠡᠵᠢ ᠲᠦᠷᠦᠭᠰᠡᠨ ᠤ ᠳᠠᠷᠠᠭ᠎ᠠ ᠰᠦ ᠪᠠᠭᠤᠬᠤ ᠦᠭᠡᠢ ᠪᠠᠶᠢᠳᠠᠯ ᠦᠷᠭᠦᠯᠵᠢ ᠭᠠᠷᠳᠠᠭ᠂ ᠦᠩᠭᠡᠷᠡᠭᠰᠡᠨ ᠳᠤ ᠶᠡᠷᠦ ᠳᠡᠭᠡᠨ ᠡᠪᠡᠰᠦᠨ ᠡᠮ ᠢᠶᠠᠷ ᠰᠦ ᠪᠠᠭᠤᠬᠤ ᠶᠢ ᠲᠦᠷᠭᠡᠳᠭᠡᠬᠦ ᠠᠷᠭ᠎ᠠ ᠪᠤᠯᠭᠠᠳᠠᠭ ᠪᠢᠯᠡ᠃ ᠡᠨᠡ ᠠᠷᠭ᠎ᠠ ᠦᠢᠯᠡᠳᠦᠯ ᠢᠶᠠᠷ ᠤᠳᠠᠭᠠᠨ ᠪᠦᠭᠡᠳ ᠪᠠᠲᠤᠯᠠᠭ᠎ᠠ ᠦᠭᠡᠢ᠃ ᠵᠠᠷᠢᠮ ᠬᠦᠮᠦᠨ ᠤᠷᠲᠦ ᠬᠤᠭᠤᠴᠠᠭᠠᠨ ᠤ ᠦᠢᠯᠡᠳᠪᠦᠷᠢᠯᠡᠯ ᠤᠨ ᠦᠢᠯᠡᠳᠦᠯᠭᠡ ᠳᠤᠮᠳᠠ ᠠᠴᠠ ᠪᠠᠨ ᠢᠳᠡᠰᠢ ᠲᠠᠢ ᠬᠠᠪᠰᠤᠷᠭᠠᠭᠰᠠᠨ ᠨᠢᠭᠡ ᠵᠦᠢᠯ ᠤᠨ ᠰᠦ ᠪᠠᠭᠤᠯᠭᠠᠬᠤ ᠵᠤᠷ ᠢ ᠰᠡᠲᠤᠵᠤ ᠭᠠᠷᠭᠠᠵᠠᠢ᠃ ᠲᠤᠰ ᠵᠤᠷ ᠤᠨ ᠪᠦᠷᠢᠯᠳᠦᠭᠦᠨ ᠨᠢ ᠲᠠᠬᠢᠶᠠᠨ ᠦᠨᠳᠡᠭᠡ᠂ ᠪᠤᠷᠠᠮ᠂ ᠬᠠᠷ᠎ᠠ ᠠᠷᠢᠬᠢ ᠪᠣᠯᠤᠨ᠎ᠠ᠃ 100kg ᠣᠷᠴᠢᠮ ᠤᠨ ᠮᠡᠭᠡᠵᠢ ᠳᠤ ᠲᠠᠬᠢᠶᠠᠨ ᠦᠨᠳᠡᠭᠡ 4᠂ ᠪᠤᠷᠠᠮ 100g᠂ ᠬᠠᠷ᠎ᠠ ᠠᠷᠢᠬᠢ 100ml ᠬᠡᠷᠡᠭᠯᠡᠨ᠎ᠡ᠃ ᠨᠠᠶᠢᠷᠠᠭᠤᠯᠬᠤ ᠠᠯᠬᠤᠮ ᠳᠠᠷᠠᠭ᠎ᠠ᠄ ᠦᠨᠳᠡᠭᠡ ᠢᠶᠠᠨ ᠬᠠᠭᠠᠯᠵᠤ ᠰᠠᠪᠠᠨ ᠳᠤ ᠬᠢᠭᠡᠳ ᠳᠡᠭᠡᠷ᠎ᠡ ᠠᠴᠠ ᠨᠢ ᠬᠠᠷ᠎ᠠ ᠠᠷᠢᠬᠢ᠂ ᠪᠤᠷᠠᠮ ᠢᠶᠠᠨ ᠬᠢᠵᠦ ᠰᠠᠶᠢᠨ ᠬᠤᠳᠬᠤᠵᠤ ᠨᠡᠶᠢᠯᠡᠭᠦᠯᠦᠭᠰᠡᠨ ᠬᠤᠶᠢᠨ᠎ᠠ ᠪᠠᠭ᠎ᠠ ᠬᠡᠮᠵᠢᠶᠡᠨ ᠤ ᠲᠡᠵᠢᠭᠡᠯ ᠪᠤᠷᠳᠤᠭ᠎ᠠ ᠬᠤᠯᠢᠭᠠᠳ ᠮᠡᠭᠡᠵᠢ ᠳᠤ ᠢᠳᠡᠭᠦᠯᠦᠨ᠎ᠡ᠃ ᠡᠭᠦᠨ ᠢ ᠭᠠᠭ᠋ᠠᠢ ᠢᠳᠡᠬᠦ ᠳᠤᠷᠠᠲᠠᠢ ᠪᠦᠭᠡᠳ ᠢᠳᠡᠭᠰᠡᠨ ᠬᠤᠶᠢᠨ᠎ᠠ ᠲᠠᠪᠤ ᠭᠤᠷᠪᠠᠨ ᠴᠠᠭ ᠤᠨ ᠳᠣᠲᠤᠷ᠎ᠠ ᠰᠦ ᠪᠠᠭᠤᠨ᠎ᠠ᠃      ︵ᠢᠷᠡᠯᠲᠡ᠄ ᠰᠠᠨ᠎ᠠ ᠶᠢᠨ ᠨᠠᠶᠢᠷᠠᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号