2 ᠳ᠋ᠤᠭᠠᠷ ᠰᠠᠷ᠎ᠠ ᠶᠢᠨ 16 ᠤ ᠡᠳᠦᠷ ᠠᠴᠠ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯᠠᠬᠢ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2021/9/17
     2 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠠ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠭᠦᠨᠵᠡᠭᠡᠶᠢᠷᠡᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠥᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠ ᠠᠷᠠᠳ ᠣᠯᠠᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠠ ᠵᠠᠬᠢᠳᠠᠯ ᠰᠤᠷᠪᠤᠯᠵᠢᠯᠠᠯ ᠤᠨ ᠺᠠᠳ᠋ᠷ ᠢ ᠡᠷᠬᠢᠨ ᠦᠵᠡᠵᠦ᠂ ᠣᠯᠠᠨ ᠳᠤ ᠴᠠᠭᠠᠨ ᠰᠠᠷ᠎ᠠ ᠶᠢᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      2 ᠳ᠋ᠤᠭᠠᠷ ᠰᠠᠷ᠎ᠠ ᠶᠢᠨ 20 ᠤ ᠡᠳᠦᠷ  ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠪᠠ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠥᠭᠭᠦᠭᠰᠡᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠯᠦᠸᠧ ᡁᠢ ᠬᠤ᠋᠂ ᠳ᠋ᠤᠸᠠᠨ ᡁᠢ ᠴᠢᠶᠠᠩ᠂ ᠳ᠋ᠦᠩ ᠾᠧᠩ ᠢᠤᠢ᠂ ᠵᠧᠩ ᠹᠦ᠋ ᠲᠢᠶᠠᠨ᠂ ᠯᠢᠦ ᠰᠢᠨ ᠯᠧ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠤ ᠶᠠᠩ ᠰᠢᠶᠤᠤ ᠬᠤᠢ᠂ ᠸᠧᠢ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      2 ᠳ᠋ᠤᠭᠠᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠬᠤᠶᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠣᠤ ᠴᠦᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽2021 ᠣᠨ ᠤ ᠥᠪᠡᠷᠲᠡᠭᠡᠨ ᠵᠠᠰᠠᠬᠤ ᠣᠷᠣᠨ ᠤ ︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ︾ ᠢ ᠰᠤᠳᠤᠯᠪᠠ᠃     2 ᠳ᠋ᠤᠭᠠᠷ ᠰᠠᠷ᠎ᠠ ᠶᠢᠨ 24 ᠤ ᠡᠳᠦᠷ  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠠᠯ᠎ᠠ ᠪᠠᠷ ᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃     2 ᠳ᠋ᠤᠭᠠᠷ ᠰᠠᠷ᠎ᠠ ᠶᠢᠨ 24 ᠤ ᠡᠳᠦᠷ ᠠᠴᠠ 25 ᠤ ᠡᠳᠦᠷ  ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠢᠯᠢ ᠶᠢᠨ ᠪᠠᠶᠢᠴᠠᠭᠠᠨ ᠰᠢᠯᠭᠠᠬᠤ ᠲᠠᠯᠠᠪᠠᠶ᠂ ᠮᠠᠰᠢᠨ ᠮᠧᠬᠠᠨᠢᠭ ᠢᠶᠠᠷ ᠰᠣᠯᠢᠵᠤ ᠠᠴᠢᠶᠠᠯᠠᠬᠤ ᠲᠣᠭᠤᠷᠢᠭ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠡᠷᠢᠶᠡᠨ ᠬᠤᠲᠠ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠲᠡᠮᠦᠷ ᠵᠠᠮ ᠤᠨ ᠥᠷᠲᠡᠭᠡ ᠲᠠᠯᠠᠪᠤᠷ ᠤᠨ ᠲᠠᠰ ᠳᠡᠪᠰᠢᠭᠦᠯᠵᠣ ᠥᠭᠡᠷᠡᠴᠢᠯᠡᠭᠰᠡᠨ ᠪᠠᠶᠢᠳᠠᠯ ᠵᠢᠴᠢ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ᠂ ᠬᠢᠯᠢ ᠶᠢᠨ ᠪᠣᠭᠤᠮᠲᠠ ᠶᠢᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠲᠤᠰᠬᠠᠶ ᠰᠡᠳᠦᠪ ᠢᠶᠠᠷ ᠰᠤᠳᠤᠯᠪᠠ᠃      2 ᠳ᠋ᠤᠭᠠᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠳᠠᠯᠪᠢᠬᠤ ᠳᠤ ᠪᠠᠨ᠂ ᠤᠯᠤᠰ ᠲᠥᠷᠥ ᠶᠢᠨ ᠲᠠᠯ᠎ᠠ ᠪᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠬᠥᠮᠦᠵᠢᠯ ᠴᠡᠭᠴᠡᠯᠡᠯᠲᠡ ᠶᠢᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠡᠷᠡᠰ ᠬᠦᠴᠦᠲᠡᠶ ᠰᠠᠶᠢᠲᠤᠷ ᠪᠡᠶᠡᠯᠡᠭᠦᠯᠵᠦ᠂ ᠨᠠᠮ ᠪᠠ ᠠᠷᠠᠳ ᠲᠦᠮᠡᠨ ᠤ ᠢᠲᠡᠭᠡᠮᠵᠢᠲᠡᠶ᠂ ᠨᠠᠶᠢᠳᠠᠪᠤᠷᠢᠲᠠᠶ᠂ ᠰᠠᠨᠠᠭ᠎ᠠ ᠠᠮᠤᠷ ᠪᠠᠶᠢᠬᠤ ᠤᠯᠤᠰ ᠲᠥᠷᠥ ᠬᠠᠤᠯᠢ ᠴᠠᠭᠠᠵᠠ ᠶᠢᠨ ᠪᠣᠯᠣᠣᠨ ᠲᠡᠮᠣᠷ ᠮᠡᠳᠣ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠩᠳᠠᠢ ᠭᠡᠵᠣ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠮᠧᠩ ᠹᠠᠨ ᠯᠢ᠂ ᠶᠠᠩ ᠸᠧᠢ ᠳ᠋ᠦᠩ᠂ ᠵᠠᠩ ᠧᠨ ᠬᠤᠢ᠂ ᠡᠾᠧᠡᠭ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠤᠷᠠᠯ ᠳᠤ ᠣᠷᠣᠯᠴᠠᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠠ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃      2 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ 2021 ᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠣᠭᠠᠨ ᠤ ᠲᠣᠬᠢᠷᠠᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠬᠦ᠂ ᠦᠷᠭᠦᠯᠵᠢᠯᠡᠨ ᠪᠠᠶᠢᠭᠤᠯᠬᠤ᠂ ᠲᠥᠯᠥᠪᠵᠢᠭᠦᠯᠦᠨ ᠠᠬᠢᠭᠤᠯᠬᠤ ᠵᠢᠴᠢ ᠡᠨᠧᠷᠭᠢ ᠶᠢᠨ ᠬᠤᠷᠣᠭᠳᠠᠯ ᠳᠠᠬᠢ ︽ᠬᠤᠶᠠᠷ ᠢ ᠡᠵᠡᠮᠳᠡᠬᠦ︾ ᠠᠵᠢᠯ ᠤᠳ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃          ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号