ᠪᠠᠶᠠᠨᠨᠠᠭᠤᠷ ᠬᠤᠲᠠ᠄ ᠭᠠᠵᠠᠷ ᠰᠢᠷᠣᠶ ᠪᠠᠨ ︽ᠠᠮᠢᠯᠠᠭᠤᠯᠵᠤ︾ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/9/18
     9 ᠰᠠᠷ᠎ᠠ ᠶᠢᠨ 13 ᠤ ᠡᠳᠦᠷ᠂ ᠦᠶᠤᠸᠠᠨ ᠰᠢᠶᠠᠨ ᠤ ᠷᠦᠩ ᠹᠧᠩ ᠬᠡᠷᠡᠭ ᠡᠷᠬᠢᠯᠡᠬᠦ ᠭᠠᠵᠠᠷ ᠤᠨ ᠰᠢᠶᠠᠨ ᠹᠧᠩ ᠲᠣᠰᠬᠤᠨ ᠤ ᠳᠥᠷᠪᠡᠳᠦᠭᠡᠷ ᠳᠤᠭᠤᠶᠢᠯᠠᠩ ᠤᠨ ᠷᠧᠨ ᠰᠢᠶᠤᠤ ᠪᠢᠩ ᠤᠨ ᠬᠢᠨ ᠳᠤ ᠬᠦᠷᠬᠦ ᠳᠤ᠂ ᠷᠧᠨ ᠰᠢᠶᠤᠤ ᠪᠢᠩ ᠰᠠᠶ᠋ᠢᠬᠠᠨ ᠬᠦᠯᠦᠰᠦᠨ ᠠᠵᠢᠯ ᠬᠢᠵᠦ ᠪᠠᠶᠢᠭ᠎ᠠ ᠭᠠᠵᠠᠷ ᠠᠴᠠ ᠪᠠᠨ ᠬᠠᠷᠢᠵᠤ ᠢᠷᠡᠭᠡᠳ ᠬᠤᠨᠢ ᠮᠠᠯ ᠢᠶᠠᠨ ᠶᠠᠭᠠᠷᠠᠯᠲᠠᠢ ᠤᠰᠤᠯᠠᠵᠤ ᠲᠡᠵᠢᠭᠡᠵᠦ ᠪᠠᠶᠢᠯ᠎ᠠ᠃      ᠡᠨᠡ ᠵᠢᠯ 65 ᠨᠠᠰᠤᠲᠠᠢ ᠷᠧᠨ ᠰᠢᠶᠤᠤ ᠪᠢᠩ ᠥᠪᠡᠷ ᠤᠨ 30 ᠭᠠᠷᠤᠢ ᠮᠦ ᠲᠠᠷᠢᠶᠠᠨ ᠭᠠᠵᠠᠷ ᠤᠨ ᠢᠶᠠᠨ ᠡᠵᠡᠩᠨᠡᠯᠲᠡ ᠶᠢᠨ ᠡᠷᠭᠡ ᠶᠢ ᠦᠶᠤᠸᠠᠨ ᠰᠢᠶᠠᠨ ᠤ ᠳ᠋ᠠ ᠹᠧᠩ ᠠᠮᠤ ᠲᠤᠰᠤ ᠢᠳᠡᠭᠡᠨ ᠤ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠥᠭᠴᠡᠢ᠂ ᠲᠡᠷᠡ᠄ ︽ᠡᠨᠡ ᠵᠢᠭᠠᠬᠠᠨ ᠭᠠᠵᠠᠷ ᠢ ᠲᠠᠷᠢᠭᠠᠳ ᠪᠦᠬᠦ ᠭᠡᠷ ᠢᠶᠠᠷ ᠢᠶᠠᠨ ᠨᠢᠭᠡ ᠵᠢᠯ ᠶᠠᠭᠠᠷᠠᠭᠠᠳ ᠰᠠᠶ᠋ᠢ 3 ᠲᠦᠮᠡ ᠭᠠᠷᠤᠢ ᠲᠥᠭᠦᠷᠢᠭ ᠤᠨ ᠣᠷᠣᠯᠭ᠎ᠠ ᠲᠠᠢ᠂ ᠵᠢᠯ ᠳᠡᠭᠡᠨ ᠮᠦ ᠪᠦᠷᠢ ᠶᠢ 700 ᠲᠥᠭᠦᠷᠢᠭ ᠤᠨ ᠦᠨ᠎ᠡ ᠪᠠᠷ ᠰᠢᠯᠵᠢᠭᠦᠯᠦᠨ ᠲᠦᠷᠢᠶᠡᠰᠦᠯᠡᠭᠦᠯᠪᠡᠯ ᠲᠣᠭᠲᠠᠭᠤᠨ ᠣᠷᠣᠯᠭ᠎ᠠ ᠲᠠᠢ ᠮᠦᠷᠲᠡᠭᠡᠨ ᠪᠠᠰᠠ ᠤᠢᠢᠷ᠎ᠠ ᠬᠠᠪᠢ ᠳᠠᠭᠠᠨ ᠬᠥᠯᠥᠰᠥᠨ ᠠᠵᠢᠯ ᠬᠢᠵᠦ ᠤᠷᠤᠯᠭ᠎ᠠ ᠣᠯᠵᠤ ᠪᠤᠯᠤᠨ᠎ᠠ᠂ ᠪᠠᠰᠠ ᠴᠦᠬᠡᠨ ᠲᠤᠭᠠᠨ ᠤ ᠬᠤᠨᠢ ᠮᠠᠯ ᠲᠡᠵᠢᠭᠡᠨ ᠦᠷᠡᠵᠢᠭᠦᠯᠵᠦ᠂ ᠤᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠨᠢ ᠤᠤᠯ ᠤᠨ ᠲᠠᠷᠢᠶ᠎ᠠ ᠲᠠᠷᠢᠭᠰᠠᠨ ᠠᠴᠠ ᠬᠤᠯᠠ ᠳᠡᠭᠡᠷ᠎ᠡ ᠪᠣᠯᠵᠠᠢ︾ ᠬᠡᠵᠦ ᠶᠠᠷᠢᠨ᠎ᠠ᠃      ᠳ᠋ᠠ ᠹᠧᠩ ᠠᠮᠤ ᠲᠣᠰᠣ ᠢᠳᠡᠭᠡᠨ ᠤ ᠬᠢᠵᠠᠭᠠᠷᠲᠤ ᠺᠣᠮᠫᠠᠨᠢ ᠪᠣᠯ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠲᠠᠭᠠᠭᠤᠯᠤᠭᠴᠢ ᠠᠵᠤ ᠠᠬᠤᠶᠢᠯᠠᠯ ᠪᠠᠶᠢᠵᠤ᠂ ᠭᠤᠤᠯᠳᠠᠭᠤ ᠨᠡᠷᠡᠨ ᠬᠤᠸᠠᠷ ᠤᠨ ᠦᠷ᠎ᠡ ᠶᠢᠨ ᠲᠥᠷᠥᠯ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠭᠠᠳᠠᠭᠠᠳᠤ ᠳᠤ ᠭᠠᠷᠭᠠᠬᠤ ᠠᠵᠢᠯ ᠢ ᠬᠢᠳᠡᠭ᠃ ᠲᠤᠰ ᠺᠣᠮᠫᠠᠨᠢ 2020 ᠣᠨ ᠳᠤ 300 ᠮᠥ ᠭᠠᠵᠠᠷ ᠤᠨ ᠡᠵᠡᠩᠨᠡᠯᠲᠡ ᠶᠢᠨ ᠡᠷᠭᠡ ᠶᠢ ᠰᠢᠯᠵᠢᠭᠦᠯᠦᠨ ᠠᠪᠴᠤ ᠰᠢᠯᠦᠬᠡᠢ ᠡᠷᠳᠡᠨᠢ ᠰᠢᠰᠢ ᠲᠤᠷᠰᠢᠨ ᠳᠠᠷᠢᠵᠤ᠂ ᠪᠦᠲᠦᠭᠡᠭᠳᠡᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠥᠷᠬᠦ ᠥᠬᠡᠶ ᠪᠤᠯᠵᠠᠢ᠃ ᠡᠨᠡ ᠵᠢᠯ ᠲᠣᠰ ᠺᠣᠮᠫᠠᠨᠢ ᠪᠠᠰᠠ 2500 ᠮᠥ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠦᠨ ᠠᠪᠴᠤ᠂ ᠲᠠᠷᠢᠶᠠᠴᠢᠳ ᠲᠠᠢ 1500 ᠮᠥ ᠲᠠᠷᠢᠮᠠᠯ ᠤᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠪᠦᠬᠦᠨ ᠢ ᠰᠢᠯᠦᠬᠡᠢ ᠡᠷᠳᠡᠨᠢ ᠰᠢᠰᠢ ᠳᠠᠷᠢᠵᠠᠢ᠃      ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠵᠠᠪᠠᠯ ᠶᠠᠪᠤᠬᠤ ᠵᠠᠮ ᠮᠥᠨ᠃ ᠣᠶᠢᠷ᠎ᠠ ᠶᠢᠨ ᠵᠢᠯ ᠳᠤ᠂ ᠪᠠᠶᠠᠨᠨᠠᠭᠤᠷ ᠬᠤᠲᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠪᠠ ᠬᠡᠪᠴᠢᠶᠡᠵᠢᠭᠦᠯᠦᠨ ᠡᠵᠡᠩᠨᠡᠬᠦ ᠶᠢ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ᠂ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠬᠦ᠂ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠥᠬᠡᠶ᠂ ᠮᠠᠯᠴᠢᠨ ᠲᠠᠷᠢᠶᠠᠴᠢᠨ ᠤ ᠢᠷᠡᠭᠡᠳᠤᠢ ᠶᠢᠨ ᠣᠷᠣᠯᠭ᠎ᠠ ᠶᠢ ᠪᠠᠲᠤᠯᠠᠬᠤ ᠰᠠᠭᠤᠷᠢᠨ ᠳᠡᠭᠡᠷ᠎ᠡ᠂ ᠬᠠᠤᠯᠢ ᠪᠠᠷ ᠬᠠᠮᠠᠭᠠᠯᠠᠬᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠵᠡᠷᠭᠡ ᠠᠷᠭ᠎ᠠ ᠶᠢ ᠬᠡᠷᠡᠭᠯᠡᠨ᠂ ᠭᠠᠵᠠᠷ ᠰᠢᠷᠣᠶ ᠶᠢ ᠵᠣᠬᠢᠰᠲᠠᠶ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠠᠬᠢᠭᠤᠯᠵᠤ᠂ ᠪᠥᠬᠦ ᠬᠤᠲᠠ ᠶᠢᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ᠂ ᠡᠷᠴᠢᠮᠵᠢᠭᠦᠯᠦᠨ ᠡᠵᠡᠩᠨᠡᠬᠦ ᠬᠡᠪᠴᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠪᠡ᠃      ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠶᠠᠪᠤᠴᠠ ᠳᠤ᠂ ᠪᠠᠶᠠᠨᠨᠠᠭᠤᠷ ᠬᠤᠲᠠ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠠᠵᠤ ᠠᠬᠤᠶᠢᠯᠠᠯ ᠢ ᠭᠤᠤᠯ ᠴᠣᠭᠴᠠ ᠪᠣᠯᠭᠠᠬᠤ ᠵᠠᠷᠴᠢᠮ ᠢ ᠪᠠᠷᠢᠮᠲᠠᠯᠠᠨ᠂ ᠲᠦᠷᠢᠶᠡᠰᠦᠯᠡᠭᠦᠯᠬᠦ᠂ ᠰᠢᠯᠵᠢᠭᠦᠯᠦᠨ ᠳᠠᠭᠠᠭᠠᠴᠢᠯᠠᠭᠤᠯᠬᠤ᠂ ᠬᠤᠪᠢ ᠣᠷᠣᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠳᠠᠷᠢᠵᠤ ᠲᠡᠵᠢᠭᠡᠬᠦ ᠲᠣᠮᠣ ᠡᠷᠦᠬᠡ ᠪᠠᠷ ᠬᠥᠲᠥᠯᠥᠨ ᠳᠠᠭᠠᠭᠤᠯᠬᠤ ᠬᠡᠯᠪᠡᠷᠢ᠂ ᠠᠵᠤ ᠠᠬᠤᠶᠢᠯᠠᠯ ᠲᠦᠷᠢᠶᠡᠰᠦᠯᠡᠨ ᠡᠵᠡᠩᠨᠡᠬᠦ ᠬᠡᠯᠪᠡᠷᠢ᠂ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠᠷ ᠳᠠᠶᠢᠴᠢᠯᠠᠬᠤ ᠬᠡᠯᠪᠡᠷᠢ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠥᠪᠯᠡᠷᠡᠩᠭᠦᠶ ᠡᠵᠡᠩᠨᠡᠯᠲᠡ ᠶᠢᠨ ᠬᠡᠯᠪᠡᠷᠢ ᠵᠡᠷᠭᠡ ᠭᠤᠤᠯ ᠪᠣᠯᠬᠤ ᠡᠷᠭᠢᠯᠲᠡ ᠶᠢᠨ ᠬᠡᠯᠪᠡᠷᠢ ᠶᠢ ᠬᠠᠶᠢᠨ ᠰᠦᠪᠡᠭᠴᠢᠯᠡᠵᠦ ᠭᠠᠷᠭᠠᠪᠠ᠃ ᠣᠳᠣᠬᠠᠨ ᠳᠤ᠂ ᠪᠥᠬᠦ ᠬᠤᠲᠠ ᠶᠢᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠦᠨ ᠲᠦᠷᠢᠶᠡᠰᠦᠯᠡᠭᠦᠯᠦᠭᠰᠡᠨ ᠲᠠᠯᠠᠪᠠᠶ 321.59 ᠲᠦᠮᠡᠨ ᠮᠥ ᠳᠤ ᠬᠦᠷᠴᠦ᠂ ᠪᠣᠳᠠᠲᠠᠶ ᠲᠠᠷᠢᠶᠠᠨ ᠭᠠᠵᠠᠷ ᠤᠨ ᠲᠠᠯᠠᠪᠠᠶ ᠶᠢᠨ 29.24% ᠶᠢ ᠡᠵᠡᠯᠡᠪᠡ᠃      ᠮᠠᠯᠴᠢᠨ ᠲᠠᠷᠢᠶᠠᠴᠢᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠪᠠᠶᠠᠨᠨᠠᠭᠤᠷ ᠬᠤᠲᠠ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡ ᠶᠢ ᠰᠢᠯᠵᠢᠭᠦᠯᠬᠦ ᠡᠵᠡᠩᠨᠡᠯᠲᠡ ᠶᠢᠨ ᠭᠤᠤᠯ ᠴᠣᠭᠴᠠ ᠶᠢᠨ ᠥᠭᠭᠦᠭᠰᠡᠨ ᠰᠢᠯᠵᠢᠭᠦᠯᠦᠭᠰᠡᠨ ᠠᠰᠢᠭ ᠣᠷᠣᠯᠭ᠎ᠠ ᠶᠢ ᠡᠩ ᠲᠡᠷᠢᠭᠦᠨ ᠳᠤ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠬᠤ ᠳᠤ ᠬᠡᠷᠡᠭᠯᠡᠵᠦ᠂ ᠨᠥᠬᠦᠴᠡᠯ ᠲᠠᠢ ᠮᠠᠯᠴᠢᠨ ᠲᠠᠷᠢᠶᠠᠴᠢᠨ ᠤ ᠠᠮᠢᠳᠤᠯᠢᠭ ᠢᠶᠠᠷ ᠠᠵᠢᠯ ᠤᠯᠭᠤᠬᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠤ ᠡᠷᠬᠡ ᠠᠰᠢᠭ ᠢ ᠪᠠᠲᠤᠯᠠᠪᠠ᠃ ᠮᠠᠯᠴᠢᠨ ᠲᠠᠷᠢᠶᠠᠴᠢᠨ ︽ᠭᠠᠵᠠᠷ ᠰᠢᠷᠣᠶ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠵᠤ᠂ ᠲᠠᠷᠢᠶᠠᠴᠢᠨ ᠡᠷᠦᠬᠡ ᠬᠤᠪᠢ ᠣᠷᠣᠭᠤᠯᠤᠭᠴᠢ ᠪᠤᠯᠤᠨ ᠬᠤᠪᠢᠷᠠᠵᠤ᠂ ᠠᠰᠢᠭ ᠣᠷᠣᠯᠭ᠎ᠠ ᠨᠢ ᠪᠠᠲᠤᠯᠠᠭ᠎ᠠ ᠲᠠᠢ ᠪᠣᠯᠵᠤ᠂ ᠨᠠᠩ ᠣᠯᠠᠨ ᠡᠳ᠋ ᠬᠥᠷᠥᠩᠭᠡ ᠶᠢᠨ ᠴᠡᠪᠡᠷ ᠠᠰᠢᠭ︾ ᠤᠯᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号