ᠹᠣᠰᠹᠣᠷ ᠬᠦᠴᠢᠯ ᠤᠨ ᠬᠤᠶᠠᠷ ᠤᠰᠤᠳᠦ᠋ᠷᠦᠭᠴᠢᠲᠦ ᠺᠠᠯᠢ ᠶᠢ ᠬᠡᠷᠬᠢᠨ ᠰᠢᠨᠵᠢᠯᠡᠬᠦ ᠤᠬᠠᠭᠠᠨᠴᠢ ᠪᠠᠷ ᠣᠷᠤᠭᠤᠯᠬᠤ ᠪᠤᠢ
ᠨᠡᠶᠢᠲᠡᠯᠡᠭᠰᠡᠨ ᠴᠠᠭ᠄
2021/9/18
     ᠹᠣᠰᠹᠣᠷ ᠬᠦᠴᠢᠯ ᠤᠨ ᠬᠤᠶᠠᠷ ᠤᠰᠤᠳᠦ᠋ᠷᠦᠭᠴᠢᠲᠦ ᠺᠠᠯᠢ ︵磷酸二氢钾︶ ᠨᠢ ᠠᠰᠢᠭᠲᠦ ᠪᠦᠷᠢᠯᠳᠦᠭᠦᠨ ᠢ ᠪᠠᠷᠤᠭ 52% ᠣᠷᠴᠢᠮ ᠠᠭᠤᠯᠳᠠᠭ᠃ ᠴᠠᠭᠠᠨ ᠪᠤᠶᠤ ᠴᠠᠶᠢᠪᠤᠷ ᠦᠩᠭᠡᠲᠡᠢ ᠲᠡᠯᠡᠰᠲᠦ᠂ ᠳᠡᠮᠡᠢ ᠴᠢᠬᠢᠭᠲᠦᠬᠦ ᠦᠭᠡᠢ᠂ ᠤᠰᠤᠨ ᠳᠤ ᠠᠮᠠᠷᠬᠠᠨ ᠠᠭᠤᠰᠳᠠᠭ ᠦᠨᠳᠦᠷ ᠦᠳᠭᠡᠴᠡ ᠲᠠᠢ ᠲᠦᠷᠭᠡᠨ ᠦᠢᠯᠡᠳᠦᠯᠲᠦ ᠹᠣᠰᠹᠣᠷ ᠺᠠᠯᠢ ᠶᠢᠨ ᠨᠡᠶᠢᠯᠡᠮᠡᠯ ᠪᠤᠷᠳᠤᠭᠤᠷ ᠪᠤᠯᠤᠨ᠎ᠠ᠃ ᠡᠶᠢᠮᠦᠷᠭᠦᠦ ᠪᠣᠷᠳᠤᠭᠤᠷ ᠨᠡᠯᠢᠶᠡᠳ ᠦᠨᠡᠲᠡᠢ ᠪᠣᠯᠬᠤᠷ ᠣᠳᠣᠬᠠᠨ ᠳᠤ ᠣᠯᠠᠩᠬᠢ ᠳᠠᠭᠠᠨ ᠲᠠᠷᠢᠮᠠᠯ ᠤᠨ ᠦᠨᠳᠦᠰᠦᠨ ᠭᠠᠳᠠᠭᠤᠷ ᠣᠷᠤᠭᠤᠯᠬᠤ ᠪᠣᠷᠳᠤᠭᠤᠷ ᠪᠤᠯᠭᠠᠵᠤ᠂ ᠢᠯᠠᠩᠭᠤᠶ᠎ᠠ ᠵᠢᠮᠢᠰ ᠤᠨ ᠮᠣᠳᠣ᠂ ᠢᠳᠡᠰᠢᠨ ᠨᠣᠭᠤᠭ᠎ᠠ ᠳᠤ ᠬᠡᠷᠡᠭᠯᠡᠵᠦ᠂ ᠡᠭᠦᠨ ᠠᠴᠠ ᠭᠠᠳᠠᠨ᠎ᠠ ᠪᠠᠰᠠ ᠭᠤᠸᠠ ᠶᠢᠨ ᠵᠦᠢᠯ ᠪᠠ ᠪᠤᠭᠤᠳᠠᠢ ᠶᠢᠨ ᠦᠨᠳᠦᠰᠦᠨ ᠳᠤ ᠣᠷᠤᠭᠤᠯᠤᠨ ᠭᠡᠷᠡᠭᠯᠡᠵᠦ ᠪᠤᠢ᠃ ᠶᠡᠷᠦ ᠳᠡᠭᠡᠨ ᠪᠣᠭᠤᠳᠠᠢ ᠶᠢᠨ ᠦᠶᠡᠳᠦᠬᠦ ᠠᠴᠠ ᠲᠦᠷᠦᠭᠦᠳᠦᠬᠦ ᠬᠤᠭᠤᠴᠠᠭ᠎ᠠ᠂ ᠬᠦᠪᠦᠩ ᠤᠨ ᠴᠡᠴᠡᠭᠯᠡᠬᠦ ᠬᠤᠭᠤᠴᠠᠭᠠᠨ ᠤ ᠡᠮᠦᠨ᠎ᠡ ᠬᠤᠶᠢᠨ᠎ᠠ 0.1% ~ 0.2% ᠤᠨ ᠹᠣᠰᠹᠣᠷ ᠬᠦᠴᠢᠯ ᠤᠨ ᠬᠤᠶᠠᠷ ᠤᠰᠤᠳᠦ᠋ᠷᠦᠭᠴᠢᠲᠦ ᠺᠠᠯᠢ ᠤ ᠠᠭᠤᠰᠤᠮᠠᠯ ᠢ 2 ~ 3 ᠤᠳᠠᠭ᠎ᠠ ᠰᠦᠷᠴᠢᠵᠦ᠂ 5 ~ 7 ᠬᠤᠨᠤᠭ ᠲᠤ ᠨᠢᠭᠡ ᠤᠳᠠᠭ᠎ᠠ ᠰᠦᠷᠴᠢᠪᠡᠯ ᠨᠡᠯᠢᠶᠡᠳ ᠰᠠᠶᠢᠨ ᠪᠠᠶᠢᠳᠠᠭ᠃      ︵ᠢᠷᠡᠯᠲᠡ᠄ ᠳᠠᠯᠠᠢ ᠶᠢᠨ ᠨᠠᠶᠢᠷᠠᠭᠤᠯᠤᠭᠰᠠᠨ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号