3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 15 ᠤ ᠡᠳᠦᠷ ᠪᠣᠯᠲᠠᠯᠠᠬᠢ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/9/18
     3 ᠳ᠋ᠤᠭᠠᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠭᠡᠳ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠬᠠᠷᠭᠤᠭᠤᠯᠤᠨ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠵᠤ᠂ ᠳᠤᠪᠤᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠲᠤᠰ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠰᠤᠯᠠ ᠣᠷᠣᠯᠴᠠᠪᠠ᠃      3 ᠳ᠋ᠤᠭᠠᠷ ᠰᠠᠷ᠎ᠠ ᠶᠢᠨ 2 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠵᠠᠩ ᠱᠤᠤ ᠴᠦᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠬᠤᠷᠢᠶ᠎ᠠ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠬᠤᠷᠢᠶᠠᠨ ᠤ ᠭᠡᠰᠢᠭᠦᠨ ᠪᠠᠢ ᠢᠤᠢ ᠭᠠᠩ᠂ ᠵᠠᠩ ᠱᠤᠤ ᠴᠦᠨ᠂ ᠮᠠ ᠴᠢᠩ ᠯᠸᠢ᠂ ᠠᠢ ᠯᠢ ᠬᠤᠸᠠ᠂ ᠵᠧᠩ ᠬᠤᠩ ᠹᠠᠨ᠂ ᠾᠧᠩ ᠰᠢᠶᠤᠤ ᠹᠠᠨ ᠨᠠᠷ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠠ ᠬᠠᠮᠢᠶ᠎ᠠ ᠪᠥᠬᠦᠶ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃      3 ᠳ᠋ᠤᠭᠠᠷ ᠰᠠᠷ᠎ᠠ ᠶᠢᠨ 3 ᠤ ᠡᠳᠦᠷ ᠠᠴᠠ 3 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠪᠠ ᠦᠬᠠᠢ ᠬᠤᠳᠠ ᠶᠢᠨ ᠬᠠᠶᠢᠷᠣᠪ ᠤᠨ ᠲᠤᠬᠤᠢ ᠲᠣᠭᠤᠷᠢᠭ᠂ ᠬᠠᠶᠢᠨᠠᠨ ᠲᠣᠭᠤᠷᠢᠭ ᠲᠤ ᠭᠦᠨᠵᠡᠭᠡᠶᠢᠷᠡᠵᠦ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠪᠠᠶᠢᠭ᠎ᠠ ᠪᠠᠶᠢᠳᠠᠯ ᠪᠠ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠤᠷᠠᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠤᠭᠰᠠᠨ ᠤ ᠬᠠᠮᠲᠤ ᠲᠤᠰ ᠲᠤᠰ ᠲᠤ ᠨᠢ ᠰᠠᠭᠤᠳᠠᠯ ᠤᠨ ᠬᠤᠷᠠᠯ ᠬᠤᠷᠠᠯᠳᠤᠭᠤᠯᠪᠠ᠃      3 ᠳ᠋ᠤᠭᠠᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠤᠷᠳᠤᠰ ᠬᠤᠳᠠ ᠶᠢᠨ ᠤᠲᠤᠭ ᠬᠤᠰᠢᠭᠤᠨ ᠳᠤ ᠭᠦᠨᠵᠡᠭᠡᠶᠢᠷᠡᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠪᠠᠶᠢᠭ᠎ᠠ ᠪᠠᠶᠢᠳᠠᠯ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃      3 ᠳ᠋ᠤᠭᠠᠷ ᠰᠠᠷ᠎ᠠ ᠶᠢᠨ 5 ᠤ ᠡᠳᠦᠷ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠤᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠪᠡᠷ ᠦᠪᠡᠷ ᠤᠨ ᠡᠯ᠎ᠡ ᠡᠲᠡᠭᠡᠳ ᠢᠯᠭᠠᠯ ᠤᠨ ᠳᠤᠭᠤᠶᠢᠯᠠᠩ ᠳᠤ ᠪᠠᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ ᠲᠤᠰ ᠬᠤᠷᠠᠯ ᠳᠤ ᠣᠷᠣᠯᠴᠠᠭᠰᠠᠨ ᠪᠥᠭᠡᠳ ᠬᠢᠨᠠᠨ ᠵᠥᠪᠯᠡᠬᠦ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳᠤᠭᠤᠶᠢᠯᠠᠩ ᠤᠨ ᠬᠢᠨᠠᠨ ᠵᠥᠪᠯᠡᠬᠦ ᠳᠤ ᠰᠤᠯᠠ ᠣᠷᠣᠯᠴᠠᠪᠠ᠃     3 ᠳ᠋ᠤᠭᠠᠷ ᠰᠠᠷ᠎ᠠ ᠶᠢᠨ 6 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠣᠰ ᠲᠣᠰ ᠪᠥᠬᠦᠳᠡ ᠬᠤᠷᠠᠯ ᠪᠠ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠤᠯᠴᠠᠭᠰᠠᠨ ᠦᠶ᠎ᠡ ᠶᠢᠨ ᠴᠢᠬᠤᠯᠠ ᠶᠠᠷᠢᠶ᠎ᠠ ᠶᠢ ᠬᠢᠨᠠᠮᠠᠭᠠᠶ ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠦᠷᠭᠦᠯᠵᠢᠯᠡᠨ ᠬᠢᠨᠠᠨ ᠵᠦᠪᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ᠢ ᠬᠢᠨᠠᠨ ᠪᠠᠶᠢᠴᠠᠭᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢᠨ ᠱᠣᠤ ᠴᠦᠨ ᠪᠥᠬᠦᠳᠡ ᠬᠤᠷᠠᠯ ᠪᠠ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠲᠣᠰ ᠲᠣᠰ ᠡᠷᠭᠢᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢᠦ ᠴᠢ ᠹᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠳᠡᠭᠡᠷ᠎ᠡ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠷᠠᠯ ᠰᠤᠨᠤᠰᠬᠤ ᠠᠵᠢᠯᠲᠠᠳ ᠰᠦᠯᠵᠢᠶᠡᠨ ᠤ ᠸᠢᠳᠢᠣ᠋ ᠶᠢᠨ ᠬᠡᠯᠪᠡᠷᠢ ᠪᠠᠷ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠢ ᠵᠡᠷᠭᠡ ᠳᠤ ᠨᠢ ᠰᠣᠨᠣᠰᠪᠠ᠃ ᠯᠢᠨ ᠱᠣᠣ ᠴᠦᠨ᠂ ᠯᠢᠦ ᠴᠢ ᠹᠠᠨ᠂ ᠮᠧᠩ ᠹᠠᠨ ᠯᠢ᠂ ᠨᠠᠰᠤᠨᠮᠦ᠋ᠩᠬᠡ᠂ ᠣᠷᠳᠣ᠂ ᠵᠠᠩ ᠵᠢᠶᠠᠨ ᠮᠢᠨ᠂ ᠸᠠᠩ ᠪᠥᠸᠧ᠂ ᠯᠢ ᠷᠦᠩ ᠰᠢ᠂ ᠴᠢ᠊ ᠪᠠᠲᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠶ ᠰᠢᠤᠢ ᠪᠥᠸᠧ᠂ ᠮᠧᠩ ᠰᠢᠶᠠᠨ ᠳ᠋ᠦᠩ᠂ ᠬᠥᠩ ᠮᠢᠩ ᠵᠦ᠂ ᠹᠧᠩ ᠢᠤᠶ ᠵᠧᠨ᠂ ᠵᠠᠩ ᠯᠸᠢ᠂ ᠹᠸᠢ ᠳ᠋ᠦᠩ ᠪᠢᠨ᠂ ᠵᠢᠶᠠ ᠷᠦᠨ ᠠᠨ᠂ ᠢᠤᠶ ᠯᠢ ᠰᠢᠨ᠂ ᠯᠢ ᠴᠢᠤᠸᠠᠨ ᠸᠧᠨ᠂ ᠵᠣᠣ ᠵᠢᠶᠠᠩ ᠲᠤᠤ᠂ ᠳ᠋ᠠᠶ ᠰᠢ ᠶᠤᠸᠠᠨ ᠵᠡᠷᠭᠡ ᠲᠥᠯᠥᠭᠡᠯᠡᠭᠴᠢ ᠲᠤᠰ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠤᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠪᠡᠷ ᠦᠪᠡᠷ ᠤᠨ ᠡᠲᠡᠭᠡᠳ ᠢᠯᠭᠠᠯ ᠤᠨ ᠳᠤᠭᠤᠶᠢᠯᠠᠩ ᠳᠤ ᠪᠠᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠶᠠᠷᠢᠯᠴᠠᠪᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ ᠬᠤᠷᠠᠯ ᠳᠤ ᠣᠷᠣᠯᠴᠠᠭᠰᠠᠨ ᠪᠥᠭᠡᠳ ᠶᠠᠷᠢᠯᠴᠠᠬᠤ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳᠤᠭᠤᠶᠢᠯᠠᠩ ᠤᠨ ᠶᠠᠷᠢᠯᠴᠠᠬᠤ ᠳᠤ ᠰᠤᠯᠠ ᠣᠷᠣᠯᠴᠠᠪᠠ᠃      ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠤᠯᠴᠠᠵᠤ ᠪᠠᠶᠢᠭ᠎ᠠ ᠮᠠᠨ ᠤ ᠣᠷᠣᠨ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠪᠡᠷ ᠦᠪᠡᠷ ᠤᠨ ᠡᠲᠡᠭᠡᠳ ᠢᠯᠭᠠᠯ ᠤᠨ ᠳᠤᠭᠤᠶᠢᠯᠠᠩ ᠳᠤ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ᠢ ᠶᠠᠷᠢᠯᠴᠠᠪᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠷᠧᠨ ᠶᠠ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠦᠩ ᠾᠧᠩ ᠢᠤᠶ᠂ ᠵᠧᠩ ᠹᠦ᠋ ᠲᠢᠶᠠᠨ᠂ ᠯᠢᠦ ᠰᠢᠨ ᠯᠧ ᠲᠤᠰ ᠬᠤᠷᠠᠯ ᠳᠤ ᠣᠷᠣᠯᠴᠠᠭᠰᠠᠨ ᠪᠥᠭᠡᠳ ᠶᠠᠷᠢᠯᠴᠠᠬᠤ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳᠤᠭᠤᠶᠢᠯᠠᠩ ᠤᠨ ᠶᠠᠷᠢᠯᠴᠠᠬᠤ ᠳᠤ ᠰᠤᠯᠠ ᠣᠷᠣᠯᠴᠠᠪᠠ᠃      3 ᠳ᠋ᠤᠭᠠᠷ ᠰᠠᠷ᠎ᠠ ᠶᠢᠨ 7 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 2020 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠲᠤᠬᠠᠢ ᠮᠡᠳᠡᠭᠦᠯᠦᠯᠲᠡ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠪᠠ︔ ᠲᠦᠷᠦ ᠶᠢᠨ ᠶᠠᠪᠤᠳᠠᠯ ᠤᠨ ᠬᠤᠷᠢᠶᠠᠨ ᠤ 2020 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ᠂ 2021 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠬᠢᠨᠠᠨ ᠪᠠᠶᠢᠴᠠᠭᠠᠬᠤ ᠳᠤ ᠣᠷᠣᠯᠴᠠᠪᠠ᠃ ᠮᠧᠩ ᠹᠠᠨ ᠯᠢ᠂ ᠨᠠᠰᠦᠨᠮᠦ᠋ᠩᠬᠡ᠂ ᠴᠢ᠊ ᠪᠠᠲᠤ᠂ ᠮᠠ ᠰᠢᠤᠸᠠᠢ ᠵᠢᠶᠦ᠋ᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠷᠠᠯ ᠰᠣᠨᠣᠰᠬᠤ ᠠᠵᠢᠯᠲᠠᠳ ᠰᠦᠯᠵᠢᠶᠡᠨ ᠤ ᠸᠢᠳᠢᠣ᠋ ᠶᠢᠨ ᠬᠡᠯᠪᠡᠷᠢ ᠪᠠᠷ ᠳᠠᠮᠵᠢᠭᠤᠯᠤᠨ ᠲᠥᠯᠥᠭᠡᠯᠡᠭᠴᠢᠳ ᠤᠨ ᠬᠢᠨᠠᠨ ᠪᠠᠶᠢᠴᠠᠭᠠᠭᠰᠠᠨ ᠰᠠᠨᠠᠯ ᠢ ᠰᠣᠨᠣᠰᠪᠠ᠃ ᠮᠧᠩ ᠹᠠᠨ ᠯᠢ᠂ ᠤᠷᠲᠤ᠂ ᠵᠠᠩ ᠵᠢᠶᠠᠨ ᠮᠢᠨ᠂ ᠶᠠᠩ ᠹᠸᠢ ᠶᠦᠨ᠂ ᠵᠠᠩ ᠯᠸᠢ᠂ ᠬᠥᠩ ᠮᠢᠩ ᠵᠦ᠂ ᠾᠥᠸᠧ ᠵᠣᠣ ᠯᠢᠶᠠᠩ᠂ ᠱᠢ ᠢᠤᠶ ᠳ᠋ᠦᠩ᠂ ᠮᠦᠩᠬᠡ᠂ ᠸᠠᠩ ᠰᠢᠨ ᠬᠤᠢ᠂ ᠴᠧᠨ ᠯᠢᠶᠠᠩ᠂ ᠭᠦᠸᠧ ᠶᠠᠨ ᠯᠢᠩ᠂ ᠵᠠᠩ ᠵᠢᠢ ᠢ᠂ ᠵᠤᠤ ᠬᠤᠢ ᠵᠢᠶᠧ᠂ ᠯᠢ ᠢᠤᠢ ᠯᠢᠶᠠᠩ᠂ ᠬᠦᠬᠡᠪᠠᠭᠠᠲᠤᠷ᠂ ᠮᠧᠢ ᠬᠤᠸᠠ᠂ ᠸᠠᠩ ᠵᠢᠶᠦ᠋ᠨ ᠰᠢᠶᠠᠩ᠂ ᠯᠢᠦ ᠶᠠ ᠱᠧᠩ᠂ ᠹᠧᠩ ᠶᠠᠨ ᠯᠢ᠂ ᠯᠢᠦ ᠯᠢ ᠹᠧᠨ᠂ ᠯᠢ ᠼᠦᠢ ᡁᠢ᠂ ᠦ᠋ ᠶᠢᠩ᠂ ᠯᠢ ᠭᠦᠸᠧ ᠴᠢᠨ᠂ ᠵᠧᠦ ᠢ ᠵᠧ᠂ ᠵᠠᠩ ᠵᠢᠢ ᠰᠢᠨ᠂ ᠵᠠᠩ ᠰᠢᠶᠤᠤ ᠪᠢᠩ᠂ ᠰᠢᠤᠸᠠᠢ ᡁᠢ ᠭᠦᠸᠧ᠂ ᠦ᠋ ᠶᠦᠨ ᠪᠥᠸᠧ᠂ ᠰᠢᠩ ᠵᠢᠶᠧ ᠬᠤᠩ᠂ ᠮᠠ ᠴᠦᠨ ᠢᠤᠢ᠂ ᠭᠧ ᠮᠢᠩ᠂ ᠸᠠᠩ ᠰᠢᠶᠤᠤ ᠬᠤᠩ᠂ ᠰᠥᠸᠧ ᠱᠦ ᠬᠤᠢ᠂ ᠮᠧᠩ ᠰᠢᠶᠠᠨ ᠳ᠋ᠦᠩ᠂ ᠢᠤᠢ ᠯᠢ ᠰᠢᠨ᠂ ᠵᠤᠤ ᠵᠢᠶᠠᠩ ᠲᠤᠤ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      3 ᠳ᠋ᠤᠭᠠᠷ ᠰᠠᠷ᠎ᠠ ᠶᠢᠨ 8 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠬᠤ ᠬᠠᠤᠯᠢ ︵ᠵᠠᠰᠠᠪᠤᠷᠢ ᠣᠷᠤᠭᠤᠯᠬᠤ ᠲᠥᠰᠦᠯ︶︾ ᠶᠢ ᠬᠢᠨᠠᠨ ᠵᠦᠪᠯᠡᠭᠦᠯᠬᠦ ᠪᠠᠷ ᠳᠡᠪᠰᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢ ᠬᠢᠨᠠᠨ ᠵᠦᠪᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ ︵ᠵᠠᠰᠠᠪᠤᠷᠢ ᠣᠷᠤᠭᠤᠯᠬᠤ ᠲᠥᠰᠦᠯ︶︾ ᠢ ᠬᠢᠨᠠᠨ ᠵᠦᠪᠯᠡᠭᠦᠯᠬᠦ ᠪᠠᠷ ᠳᠡᠪᠰᠢᠭᠦᠯᠬᠦ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠸᠠᠩ ᠪᠥᠸᠧ᠂ ᠴᠢ᠊ ᠪᠠᠲᠤ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠯᠢᠨ ᠱᠣᠣ ᠴᠦᠨ᠂ ᠯᠢᠦ ᠴᠢ ᠹᠠᠨ᠂ ᠮᠧᠩ ᠹᠠᠨ ᠯᠢ᠂ ᠨᠠᠰᠦᠨᠮᠦ᠋ᠩᠬᠡ᠂ ᠤᠷᠲᠦ᠂ ᠵᠠᠩ ᠵᠢᠶᠠᠨ ᠮᠢᠨ᠂ ᠸᠠᠩ ᠪᠥᠸᠧ᠂ ᠯᠢ ᠷᠦᠩ ᠰᠢ᠂ ᠴᠢ᠊ ᠪᠠᠲᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠢ ᠰᠢᠤᠢ ᠪᠥᠸᠧ᠂ ᠾᠥᠸᠧ ᠵᠤᠤ ᠯᠢᠶᠠᠩ᠂ ᠳ᠋ᠠᠢ ᠰᠢ ᠶᠤᠸᠠᠨ᠂ ᠹᠸᠢ ᠳ᠋ᠦᠩ ᠪᠢᠨ᠂ ᠮᠦᠩᠬᠡ᠂ ᠴᠧᠨ ᠯᠢᠶᠠᠩ᠂ ᠰᠢᠩ ᠵᠢᠶᠧ ᠬᠤᠩ᠂ ᠵᠠᠩ ᠯᠸᠢ᠂ ᠵᠠᠩ ᠵᠢᠢ ᠢ᠂ ᠢᠤᠢ ᠯᠢ ᠰᠢᠨ᠂ ᠵᠤᠤ ᠵᠢᠶᠠᠩ ᠲᠤᠤ᠂ ᠯᠢ ᠴᠢᠤᠸᠠᠨ ᠸᠧᠨ᠂ ᠮᠧᠩ ᠰᠢᠶᠠᠨ ᠳ᠋ᠦᠩ᠂ ᠹᠧᠩ ᠢᠤᠢ ᠵᠧᠨ᠂ ᠬᠦᠩ ᠮᠢᠩ ᠵᠦ᠂ ᠬᠦᠬᠡᠪᠠᠭᠠᠲᠤᠷ᠂ ᠹᠧᠩ ᠶᠠᠨ ᠯᠢ᠂ ᠭᠧ ᠮᠢᠩ᠂ ᠯᠢᠦ ᠶᠠ ᠱᠧᠩ᠂ ᠯᠢᠦ ᠯᠢ ᠹᠧᠨ᠂ ᠸᠠᠩ ᠰᠢᠶᠤᠤ ᠬᠤᠩ᠂ ᠰᠥᠸᠧ ᠱᠦ ᠬᠤᠢ᠂ ᠮᠧᠢ ᠬᠤᠸᠠ᠂ ᠸᠠᠩ ᠵᠢᠶᠦ᠋ᠨ ᠰᠢᠶᠠᠩ᠂ ᠦ᠋ ᠶᠢᠩ᠂ ᠯᠢ ᠼᠦᠢ ᡁᠢ᠂ ᠯᠢ ᠭᠦᠸᠧ ᠴᠢᠨ᠂ ᠵᠧᠦ ᠢ ᠵᠧ᠂ ᠵᠠᠩ ᠵᠢᠢ ᠰᠢᠨ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠰᠢᠶᠠᠩᠭᠠᠩ ᠤᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠤᠩᠭᠤᠭᠤᠯᠢ ᠶᠢᠨ ᠳᠦᠷᠢᠮ ᠤᠨ ᠲᠣᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ᠤᠨ ᠲᠦᠰᠦᠯ ᠢ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠸᠠᠩ ᠪᠥᠸᠧ᠂ ᠴᠢ᠊ ᠪᠠᠲᠤ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠯᠢᠨ ᠱᠣᠣ ᠴᠦᠨ᠂ ᠯᠢᠦ ᠴᠢ ᠹᠠᠨ᠂ ᠮᠧᠩ ᠹᠠᠨ ᠯᠢ᠂ ᠨᠠᠰᠤᠨᠮᠦ᠋ᠩᠬᠡ᠂ ᠣᠷᠳᠣ᠂ ᠵᠠᠩ ᠵᠢᠶᠠᠨ ᠮᠢᠨ᠂ ᠸᠠᠩ ᠪᠥᠸᠧ᠂ ᠯᠢ ᠷᠦᠩ ᠰᠢ᠂ ᠴᠢ᠊ ᠪᠠᠲᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠶ ᠰᠢᠤᠢ ᠪᠥᠸᠧ᠂ ᠶᠠᠩ ᠹᠸᠢ ᠶᠦᠨ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      3 ᠳ᠋ᠤᠭᠠᠷ ᠰᠠᠷ᠎ᠠ ᠶᠢᠨ 8 ᠤ ᠡᠳᠦᠷ ᠠᠴᠠ 10 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠤᠯᠠᠭᠠᠨᠴᠠᠪ ᠬᠤᠲᠠ᠂ ᠪᠤᠭᠤᠲᠤ ᠬᠤᠲᠠ᠂ ᠣᠷᠳᠣᠰ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃      3 ᠳ᠋ᠤᠭᠠᠷ ᠰᠠᠷ᠎ᠠ ᠶᠢᠨ 9 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠨᠠᠰᠤᠨᠮᠦ᠋ᠩᠬᠡ᠂ ᠸᠠᠩ ᠪᠥᠸᠧ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠰᠠᠨᠠᠯ ᠰᠣᠨᠣᠰᠪᠠ᠃ ᠯᠢᠨ ᠱᠣᠣ ᠴᠦᠨ᠂ ᠯᠢᠦ ᠴᠢ ᠹᠠᠨ᠂ ᠮᠧᠩ ᠹᠠᠨ ᠯᠢ᠂ ᠤᠷᠲᠣ᠂ ᠵᠠᠩ ᠵᠢᠶᠠᠨ ᠮᠢᠨ᠂ ᠸᠠᠩ ᠪᠥᠸᠧ᠂ ᠯᠢ ᠷᠦᠩ ᠰᠢ᠂ ᠴᠢ᠊ ᠪᠠᠲᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠵᠢᠶᠠ ᠷᠦᠨ ᠠᠨ᠂ ᠮᠦᠩᠬᠡ᠂ ᠵᠤᠤ ᠬᠤᠢ ᠵᠢᠶᠧ᠂ ᠳ᠋ᠠᠢ ᠰᠢ ᠶᠤᠸᠠᠨ᠂ ᠴᠧᠨ ᠯᠢᠶᠠᠩ᠂ ᠹᠧᠩ ᠢᠤᠢ ᠵᠧᠨ᠂ ᠮᠧᠩ ᠰᠢᠶᠠᠨ ᠳ᠋ᠦᠩ᠂ ᠯᠢ ᠴᠢᠤᠸᠠᠨ ᠸᠧᠨ᠂ ᠢᠤᠢ ᠯᠢ ᠰᠢᠨ᠂ ᠵᠤᠤ ᠵᠢᠶᠠᠩ ᠲᠤᠤ᠂ ᠯᠢᠦ ᠶᠠ ᠱᠧᠩ᠂ ᠯᠢᠦ ᠯᠢ ᠹᠧᠨ᠂ ᠬᠦᠬᠡᠪᠠᠭᠠᠲᠤᠷ᠂ ᠹᠧᠩ ᠶᠠᠨ ᠯᠢ᠂ ᠬᠦᠩ ᠮᠢᠩ ᠵᠦ᠂ ᠭᠧ ᠮᠢᠩ᠂ ᠯᠢ ᠼᠦᠢ ᡁᠢ᠂ ᠸᠠᠩ ᠰᠢᠶᠤᠤ ᠬᠤᠩ᠂ ᠰᠥᠸᠧ ᠱᠦ ᠬᠤᠢ᠂ ᠮᠧᠢ ᠬᠤᠸᠠ᠂ ᠸᠠᠩ ᠵᠢᠶᠦ᠋ᠨ ᠰᠢᠶᠠᠩ᠂ ᠵᠠᠩ ᠵᠢᠢ ᠰᠢᠨ᠂ ᠵᠧᠦ ᠢ ᠵᠧ᠂ ᠯᠢ ᠭᠦᠸᠧ ᠴᠢᠨ᠂ ᠦ᠋ ᠶᠢᠩ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠲᠦᠷᠢᠮ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠤᠨ ᠲᠥᠰᠦᠯ ᠢ ᠬᠢᠨᠠᠨ ᠵᠥᠪᠯᠡᠵᠦ᠂ ᠰᠢᠶᠠᠩᠭᠠᠩ ᠤᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠢ ᠲᠣᠭᠲᠠᠭᠠᠯ ᠤᠨ ᠲᠥᠰᠦᠯ ᠳᠤ ᠵᠠᠰᠠᠪᠤᠷᠢ ᠣᠷᠣᠭᠤᠯᠬᠤ ᠨᠤᠤᠷᠠᠭ ᠢ ᠬᠢᠨᠠᠨ ᠵᠥᠪᠯᠡᠵᠦ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢᠨ ᠱᠤᠤ ᠴᠦᠨ᠂ ᠯᠢᠦ ᠴᠢ ᠹᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠤᠶᠠᠷ ᠲᠥᠰᠦᠯ ᠪᠠ ᠲᠥᠰᠦᠯ ᠳᠤ ᠵᠠᠰᠠᠪᠤᠷᠢ ᠣᠷᠤᠭᠤᠯᠬᠤ ᠨᠤᠤᠷᠠᠭ ᠤᠨ ᠲᠣᠬᠠᠢ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ ᠠᠷᠠᠳ ᠤᠨ ᠳᠡᠭᠡᠳᠦ ᠰᠢᠭᠦᠬᠦ ᠬᠤᠷᠢᠶ᠎ᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠨᠥᠬᠦᠳ ᠰᠦᠯᠵᠢᠶᠡᠨ ᠤ ᠸᠢᠳᠢᠣ᠋ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠬᠤᠶᠠᠷ ᠬᠤᠷᠢᠶ᠎ᠡ︾ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠬᠢᠨᠠᠨ ᠵᠥᠪᠯᠡᠭᠰᠡᠨ ᠰᠠᠨᠠᠯ ᠢ ᠰᠤᠨᠤᠰᠪᠠ᠃ ᠯᠢᠦ ᠴᠢ ᠹᠠᠨ᠂ ᠨᠠᠰᠤᠨᠮᠦ᠋ᠩᠬᠡ᠂ ᠤᠷᠳᠤ᠂ ᠵᠠᠩ ᠵᠢᠶᠠᠨ ᠮᠢᠨ᠂ ᠸᠠᠩ ᠪᠥᠸᠧ᠂ ᠯᠢ ᠷᠦᠩ ᠰᠢ᠂ ᠴᠢ᠊ ᠪᠠᠲᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠢ ᠰᠢᠤᠢ ᠪᠥᠸᠧ᠂ ᠶᠠᠩ ᠹᠸᠢ ᠶᠦᠨ᠂ ᠹᠸᠢ ᠳ᠋ᠦᠩ ᠪᠢᠨ᠂ ᠸᠠᠩ ᠰᠢᠨ ᠬᠤᠢ᠂ ᠢᠤᠢ ᠯᠢ ᠰᠢᠨ᠂ ᠵᠤᠤ ᠵᠢᠶᠠᠩ ᠲᠤᠤ᠂ ᠯᠢᠦ ᠶᠠ ᠱᠧᠩ᠂ ᠯᠢᠦ ᠯᠢ ᠹᠧᠨ᠂ ᠯᠢ ᠴᠢᠤᠸᠠᠨ ᠸᠧᠨ᠂ ᠮᠧᠩ ᠰᠢᠶᠠᠨ ᠳ᠋ᠦᠩ᠂ ᠹᠧᠩ ᠢᠤᠢ ᠵᠧᠨ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃     3 ᠳ᠋ᠤᠭᠠᠷ ᠰᠠᠷ᠎ᠠ ᠶᠢᠨ 10 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠦᠷᠭᠦᠯᠵᠢᠯᠡᠨ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠬᠢᠨᠠᠨ ᠵᠥᠪᠯᠡᠬᠦ ᠳᠤ ᠣᠷᠣᠯᠴᠠᠪᠠ᠃ ᠮᠧᠩ ᠹᠠᠨ ᠯᠢ᠂ ᠴᠢ᠊ ᠪᠠᠲᠤ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠠᠷᠠᠳ ᠤᠨ ᠳᠡᠭᠡᠳᠦ ᠰᠢᠭᠦᠬᠦ ᠬᠤᠷᠢᠶ᠎ᠠ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠷᠠᠯ ᠰᠣᠨᠣᠰᠬᠤ ᠠᠵᠢᠯᠲᠠᠳ ᠰᠦᠯᠵᠢᠶᠡᠨ ᠤ ᠸᠢᠳᠢᠣ᠋ ᠪᠠᠷ ᠳᠠᠮᠵᠢᠭᠤᠯᠤᠨ ᠲᠥᠯᠥᠭᠡᠯᠡᠭᠴᠢᠳ ᠤᠨ ᠬᠢᠨᠠᠨ ᠵᠦᠪᠯᠡᠭᠰᠡᠨ ᠰᠠᠨᠠᠯ ᠢ ᠰᠣᠨᠣᠰᠪᠠ᠃ ᠴᠧᠨ ᠯᠢᠶᠠᠩ᠂ ᠱᠢ ᠢᠤᠢ ᠳ᠋ᠦᠩ᠂ ᠯᠢ ᠢᠤᠢ ᠯᠢᠶᠠᠩ᠂ ᠰᠢᠩ ᠵᠢᠶᠧ ᠬᠤᠩ᠂ ᠳ᠋ᠠᠢ ᠰᠢ ᠶᠤᠸᠠᠨ᠂ ᠦ᠋ ᠶᠦᠨ ᠪᠥᠸᠧ᠂ ᠨᠠᠷᠠᠨᠲᠤᠶᠠᠭ᠎ᠠ᠂ ᠵᠢᠶᠠ ᠷᠦᠨ ᠠᠨ᠂ ᠭᠦᠸᠧ ᠶᠠᠨ ᠯᠢᠩ᠂ ᠵᠠᠩ ᠵᠢᠢ ᠢ᠂ ᠮᠦᠩᠬᠡ᠂ ᠵᠠᠩ ᠯᠸᠢ᠂ ᠰᠢᠤᠸᠠᠢ ᡁᠢ ᠭᠦᠸᠧ᠂ ᠾᠥᠸᠧ ᠵᠤᠤ ᠯᠢᠶᠠᠩ᠂ ᠮᠠ ᠴᠦᠨ ᠢᠤᠢ᠂ ᠵᠤᠤ ᠬᠤᠢ ᠵᠢᠶᠧ᠂ ᠬᠦᠩ ᠮᠢᠩ ᠵᠦ᠂ ᠬᠦᠬᠡᠪᠠᠭᠠᠲᠤᠷ᠂ ᠸᠠᠩ ᠵᠢᠶᠦ᠋ᠨ ᠰᠢᠶᠠᠩ᠂ ᠮᠧᠢ ᠬᠤᠸᠠ᠂ ᠰᠥᠸᠧ ᠱᠦ ᠬᠤᠢ᠂ ᠸᠠᠩ ᠰᠢᠶᠤᠤ ᠬᠤᠩ᠂ ᠭᠧ ᠮᠢᠩ᠂ ᠹᠧᠩ ᠶᠠᠨ ᠯᠢ᠂ ᠦ᠋ ᠶᠢᠩ᠂ ᠯᠢ ᠼᠦᠢ ᡁᠢ᠂ ᠯᠢ ᠭᠦᠸᠧ ᠴᠢᠨ᠂ ᠵᠧᠦ ᠢ ᠵᠧ᠂ ᠵᠠᠩ ᠵᠢᠢ ᠰᠢᠨ ᠵᠡᠷᠭᠡ ᠲᠥᠯᠥᠭᠡᠯᠡᠭᠴᠢ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃      3 ᠳ᠋ᠤᠭᠠᠷ ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃      3 ᠳ᠋ᠤᠭᠠᠷ ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠯᠸᠢ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠭᠤᠯᠵᠠᠯᠲᠠ ᠳᠤ ᠣᠷᠣᠯᠴᠠᠪᠠ᠃      ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠭᠰᠠᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠᠨ ᠭᠦᠨᠵᠡᠭᠡᠶᠢᠷᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ 2021 ᠣᠨ ᠤ ᠠᠩᠬᠠᠳᠠᠭᠴᠢ ᠲᠤᠰᠬᠠᠶ ᠰᠡᠳᠦᠪᠲᠦ ᠲᠠᠶᠢᠯᠤᠮᠵᠢ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠲᠠᠶᠢᠯᠤᠮᠵᠢ ᠶᠢ ᠡᠷᠭᠢᠯᠡᠪᠡ᠃ ᠳ᠋ᠦᠩ ᠡᡁᠧᠩ ᠢᠤᠢ᠂ ᠵᠧᠩ ᠹᠦ᠋ ᠲᠢᠶᠠᠨ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠸᠤ ᠶᠠᠩ ᠰᠢᠶᠤᠤ ᠬᠤᠢ᠂ ᠸᠧᠢ ᠭᠦᠸᠧ ᠨᠠᠨ ᠪᠠ ᠳ᠋ᠢ ᠷᠦᠢ ᠮᠢᠩ ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠪᠠ᠃          ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号