3 ᠳ᠋ᠤᠭᠠᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠡᠨ ᠤ ᠨᠠᠮ ᠤᠨ ᠤᠳᠤᠷᠢᠳᠬᠤ ᠳᠤᠭᠤᠶᠢᠯᠠᠩ ᠥᠷᠭᠡᠳᠬᠡᠭᠰᠡᠨ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ | ᠯᠢᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋᠂ ᠳ᠋ᠦᠩ ᠾᠧᠩ ᠢᠤᠶ᠂ ᠵᠧᠩ ᠹᠦ᠋ ᠲᠢᠶᠠᠨ᠂ ᠮᠠ ᠰᠢᠤᠸᠠᠢ | ᠵᠢᠶᠦ᠋ᠨ᠂ ᠵᠠᠩ ᠬᠤᠸᠠ᠂ ᠴᠡᠴᠡᠭ᠂ ᠸᠧᠶ ᠭᠦᠸᠧ ᠨᠠᠨ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠪᠠ᠃ | 2021 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠬᠢᠯᠢ ᠶᠢᠨ ᠪᠣᠭᠤᠮᠲᠠ ᠶᠢᠨ ᠠᠵᠢᠯ ᠤᠨ | ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ | ᠠᠷᠠᠯᠵᠢᠶᠠᠯᠠᠬᠤ ᠳᠤ ᠴᠣᠬᠢᠯᠲᠠ ᠦᠭᠴᠣ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠬᠥᠬᠡᠬᠤᠲᠠ ᠳᠤ ᠬᠤᠷᠠᠯᠳᠤᠵᠤ᠂ ᠪᠥᠬᠦ ᠤᠯᠤᠰ ᠤᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠦᠭᠴᠣ | ᠶᠡᠷᠦᠩᠬᠡᠶᠢᠯᠡᠨ ᠵᠠᠰᠠᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠪᠠ ᠪᠥᠬᠦ ᠤᠯᠤᠰ ᠤᠨ ᠨᠢᠭᠤᠴᠠ ᠪᠠᠷ | ᠠᠷᠠᠯᠵᠢᠶᠠᠯᠠᠬᠤ ᠳᠤ ᠴᠣᠬᠢᠯᠲᠠ ᠥᠭᠬᠦ ᠠᠯᠪᠠᠨ ᠬᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2018 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ | ᠠᠷᠠᠯᠵᠢᠶᠠᠯᠠᠬᠤ ᠳᠤ ᠴᠣᠬᠢᠯᠲᠠ ᠦᠭᠴᠣ ᠶᠡᠷᠦᠩᠬᠡᠶᠢᠯᠡᠨ ᠵᠠᠰᠬᠠᠰᠠᠨ ᠠᠵᠢᠯ ᠤᠨ ᠪᠠᠶᠢᠳᠠᠯ ᠢ ᠳ᠋ᠦᠩᠨᠡᠨ ᠨᠡᠪᠳᠡᠷᠡᠭᠦᠯᠵᠦ᠂ | ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ | 3 ᠳ᠋ᠤᠭᠠᠷ ᠰᠠᠷ᠎ᠠ ᠶᠢᠨ 16 ᠤ ᠡᠳᠦᠷ ᠠᠴᠠ 17 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ᠂ | ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ ᠪᠠᠷ ᠭᠦᠨᠵᠡᠬᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠠᠲᠤᠨ ᠭᠤᠤᠯ ᠤᠨ ᠭᠤᠤᠯ ᠤᠨ ᠵᠠᠮ ᠢ ᠴᠡᠭᠴᠡᠯᠡᠨ ᠵᠠᠰᠠᠬᠤ᠂ ᠤᠯᠠᠭᠠᠨᠰᠤᠬᠠᠶ ᠶᠢᠨ ᠠᠮᠢ ᠠᠬᠤᠶ ᠶᠢ ᠶᠡᠷᠦᠩᠬᠡᠶᠢᠯᠡᠨ | ᠵᠠᠰᠠᠬᠤ ᠵᠡᠷᠭᠡ ᠠᠵᠢᠯ ᠳᠤ ᠪᠠᠶᠢᠴᠠᠭᠠᠨ ᠰᠣᠳᠣᠯᠣᠯᠲᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠦ᠂ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ | ᠲᠣᠬᠢᠶᠠᠯ ᠢ ᠠᠯᠳᠠᠯ ᠦᠭᠡᠢ ᠪᠠᠷ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠬᠦᠳᠦᠯᠦᠨ | ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠭᠡᠷᠡᠭᠵᠢᠬᠦᠯᠦᠨ᠂ ᠬᠠᠳᠤᠨ ᠭᠤᠣᠯ ᠤᠨ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠠᠶᠢᠭᠤᠯᠵᠦ | ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠭᠤᠯᠠ ᠤᠰᠤ ᠣᠢ | ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠶᠡᠷᠦᠩᠬᠡᠶᠢᠯᠡᠨ ᠵᠠᠰᠠᠬᠤ ᠪᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠪᠣᠷᠣᠲᠣᠬᠤᠢ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠲᠤᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠰᠢᠯᠢ ᠶᠢᠨ ᠭᠤᠣᠯ ᠠᠶᠢᠮᠠᠭ ᠤᠨ ᠡᠷᠢᠶᠡᠨ | ᠬᠤᠳᠠ᠂ ᠰᠢᠯᠢ ᠶᠢᠨ ᠬᠤᠳᠠ ᠳᠤ ᠭᠦᠨᠵᠡᠭᠡᠶᠢᠷᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ | ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠨᠨᠰᠠᠨ ᠠᠰᠠᠭᠤᠳᠠᠯ ᠢ ᠴᠡᠭᠴᠡᠯᠡᠨ ᠰᠡᠶᠢᠵᠢᠷᠠᠭᠤᠯᠤᠨᠨᠰᠠᠨ ᠪᠠᠶᠢᠳᠠᠯ᠂ | ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ | ᠰᠢᠮᠳᠠᠭᠤᠯᠤᠨ ᠵᠢᠯᠤᠭᠤᠳᠪᠠ᠃ | 3 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2021 ᠣᠨ ᠤ ᠪᠥᠬᠦ ᠣᠷᠣᠨ ᠤ ᠮᠥᠩᠭᠦᠨ ᠭᠦᠢᠯᠬᠡᠬᠡ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ | ᠲᠦᠭᠰᠢᠭᠦᠷᠢ ᠶᠢ ᠰᠡᠷᠭᠡᠶᠢᠯᠡᠬᠦ ᠠᠵᠢᠯ ᠢ ᠠᠬᠢᠭᠤᠯᠬᠤ ᠲᠧᠯᠸᠢᠰ ᠤᠳᠠᠰᠤᠳᠤ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠤᠷᠤᠯᠴᠬᠠᠰᠠᠨ ᠪᠦᠬᠡᠳ | ᠶᠠᠷᠢᠶ᠎ᠠ ᠲᠠᠯᠪᠢᠪᠠ᠃ | 3 ᠳ᠋ᠤᠭᠠᠷ ᠰᠠᠷ᠎ᠠ ᠶᠢᠨ 18 ᠤ ᠡᠳᠦᠷ ᠲᠥᠪ ᠤᠨ ᠬᠠᠤᠯᠢ ᠶᠤᠰᠤᠭᠠᠷ ᠤᠯᠤᠰ ᠢᠶᠠᠨ ᠵᠠᠰᠠᠬᠤ ᠬᠤᠷᠢᠶᠡᠨ ᠤ | ᠠᠯᠪᠠᠨ ᠬᠡᠷ ᠤᠨ ᠰᠢᠮᠳᠠᠭᠤᠯᠤᠨ ᠪᠠᠶᠢᠴᠠᠭᠠᠨᠨᠰᠠᠨ ᠢᠶᠠᠨ ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ᠃ | ᠲᠥᠪ ᠤᠨ ᠬᠠᠤᠯᠢ ᠶᠤᠰᠤᠭᠠᠷ ᠤᠯᠤᠰ ᠢᠶᠠᠨ ᠵᠠᠰᠠᠬᠤ ᠬᠤᠷᠢᠶᠡᠨ ᠤ ᠠᠯᠪᠠᠨ ᠬᠡᠷ ᠤᠨ ᠰᠢᠮᠳᠠᠭᠤᠯᠤᠨ | ᠪᠠᠶᠢᠴᠠᠭᠠᠨᠨᠰᠠᠨ ᠢᠶᠠᠨ ᠬᠠᠷᠢᠭᠤ ᠲᠤᠰᠬᠠᠬᠤ ᠳᠤᠭᠤᠶᠢᠯᠠᠩ ᠤᠨ ᠳᠠᠷᠤᠭ᠎ᠠ ᠲᠢᠶᠠᠨ ᠵᠢᠵᠧ ᠬᠤᠷᠠᠯ ᠳᠤ ᠣᠷᠣᠯᠴᠠᠭᠰᠠᠨ | ᠪᠥᠭᠡᠳ ᠰᠢᠮᠳᠠᠭᠤᠯᠤᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ | ᠪᠦᠬᠦ ᠲᠠᠯ᠎ᠠ ᠪᠠᠷ ᠬᠠᠤᠯᠢ ᠶᠤᠰᠤᠭᠠᠷ ᠣᠷᠣᠨ ᠢᠶᠠᠨ ᠵᠠᠰᠠᠬᠤ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠤᠷᠠᠯ ᠳᠤ | ᠣᠷᠣᠯᠴᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ | ᠬᠤᠷᠢᠶᠡᠨ ᠤ ᠠᠯᠪᠠᠨ ᠬᠡᠷ ᠤᠨ ᠰᠢᠮᠳᠠᠭᠤᠯᠤᠨ ᠪᠠᠶᠢᠴᠠᠭᠠᠨᠨᠰᠠᠨ ᠢᠶᠠᠨ ᠬᠠᠷᠢᠭᠤ ᠲᠤᠰᠬᠠᠬᠤ ᠳᠤᠭᠤᠶᠢᠯᠠᠩ ᠤᠨ ᠪᠦᠬᠦ | ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠸᠠᠩ ᠯᠢ ᠰᠢᠶᠠ᠂ ᠪᠠᠢ | ᠢᠤᠢ ᠭᠠᠩ᠂ ᠨᠠᠰᠣᠨᠮᠦ᠋ᠩᠬᠡ᠂ ᠡᠾᠧᠩ ᠰᠢᠶᠤᠤ ᠹᠠᠨ᠂ ᠴᠢ᠊ ᠪᠠᠲᠤ ᠵᠢᠴᠢ ᠬᠡᠰᠡᠭ ᠠᠶᠢᠮᠠᠭ ᠬᠤᠳᠠ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ | ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦ᠋ᠦ ᠱᠧᠩ ᠨᠡᠷ ᠲᠠᠢ ᠠᠭᠤᠯᠵᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠡᠨ ᠤ ᠱᠦᠵᠢ ᠯᠢᠨ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ | ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠰᠤᠷᠭᠠᠨ | ᠬᠥᠮᠦᠵᠢᠯ ᠤᠨ ᠶᠠᠮᠤᠨ ᠤ ᠳᠡᠳ᠋ ᠰᠠᠶᠢᠳ ᠰᠦᠨ ᠶᠣᠣ ᠠᠭᠤᠯᠵᠠᠯᠲᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 | ᠣᠨ ᠤ ᠠᠩᠬᠠᠳᠣᠭᠠᠷ ᠣᠳᠠᠭᠠᠨ ᠤ ᠬᠤᠷᠠᠯ ᠬᠢᠬᠡᠳ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠣᠷᠣᠯᠴᠠᠬᠤ ᠦᠶ᠎ᠡ ᠶᠢᠨ ᠴᠢᠬᠤᠯᠠ ᠶᠠᠷᠢᠶᠡᠨ ᠤ ᠵᠣᠷᠢᠭ ᠰᠠᠨᠠᠭ᠎ᠠ᠂ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠬᠡᠷᠡᠭᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠭᠦᠨᠵᠡᠭᠡᠶ | ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ | ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠲᠤᠰ ᠬᠤᠷᠠᠯ ᠢ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠠᠷ ᠬᠤᠷᠠᠯ ᠳᠤ ᠰᠤᠯᠡ ᠤᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2020 ᠣᠨ ᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠰᠤᠳᠤᠯᠵᠤ᠂ ︽ᠠᠶᠢᠯ ᠲᠣᠰᠬᠤᠨ ᠢ ᠬᠠᠰᠤᠵᠤ ᠨᠡᠶᠢᠯᠡᠭᠦᠯᠬᠦ | ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠠᠷᠭ᠎ᠠ ᠬᠡᠮᠵᠢᠶ᠎ᠡ ᠨᠦᠭᠦᠳ ᠵᠢᠴᠢ ᠲᠦᠭᠦᠷ ᠪᠢᠴᠢᠭ | ᠮᠠᠲ᠋ᠧᠷᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠵᠦᠢᠯᠡᠰ ᠢ ᠰᠤᠳᠤᠯᠪᠠ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠪᠠ᠃ | ᠪᠥᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠦᠳᠡᠯᠬᠡᠬᠡᠨ ᠤ ᠠᠵᠢᠯ ᠤᠨ ᠲᠧᠯᠸᠢᠰ | ᠤᠳᠠᠰᠣᠳᠣ ᠬᠤᠷᠠᠯ ᠬᠥᠬᠡᠬᠤᠲᠠ ᠳᠤ ᠬᠤᠷᠠᠯᠳᠤᠵᠤ᠂ 2020 ᠣᠨ ᠤ ᠪᠥᠬᠦ ᠣᠷᠣᠨ ᠤ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯ ᠢ ᠳ᠋ᠦᠩᠨᠡᠵᠦ᠂ 2021 ᠤᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠡᠸᠤ ᠶᠠᠩ ᠰᠢᠶᠤᠤ ᠬᠤᠶ ᠬᠤᠷᠠᠯ ᠳᠤ | ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠤᠨ ᠵᠢᠯᠣᠭᠤᠳᠬᠤ ᠭᠠᠵᠠᠷ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠲᠧᠯᠸᠢᠰ ᠤᠳᠠᠰᠣᠳᠣ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠣᠶ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠳᠠᠰᠣᠳᠣ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠦ᠂ ᠪᠥᠬᠦ ᠵᠢᠯ ᠤᠨ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ | ᠯᠢ ᠪᠢᠩ ᠷᠦᠩ ᠬᠤᠷᠠᠯ ᠳᠤ ᠤᠷᠤᠯᠴᠬᠠᠰᠠᠨ ᠪᠦᠭᠡᠳ ᠶᠠᠷᠢᠶ᠎ᠠ ᠲᠠᠯᠪᠢᠪᠠ᠃ | 3 ᠳ᠋ᠤᠭᠠᠷ ᠰᠠᠷ᠎ᠠ ᠶᠢᠨ 19 ᠤ ᠡᠳᠦᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠬᠡᠳ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠣᠨᠣᠯ ᠰᠣᠷᠣᠯᠴᠠᠬᠤ ᠭᠤᠤᠯ ᠳᠤᠭᠤᠶᠢᠯᠠᠩ ᠤᠨ | ᠰᠤᠷᠤᠯᠴᠠᠯᠭ᠎ᠠ ᠶᠢᠨ ᠬᠤᠷᠠᠯ ᠬᠥᠬᠡᠬᠤᠲᠠ ᠳᠤ ᠶᠠᠪᠤᠭᠳᠠᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠵᠢᠭᠠᠨ ᠰᠤᠳᠤᠯᠬᠤ ᠬᠡᠯᠲᠡᠰ ᠤᠨ | ᠡᠷᠬᠢᠯᠡᠭᠴᠢ ᠯᠦᠸᠧ ᠫᠢᠩ ᠬᠠᠨ ᠬᠤᠷᠠᠯ ᠳᠤ ᠤᠷᠤᠯᠴᠠᠵᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ | ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠡᠰᠡᠭ ᠮᠤᠵᠢ ᠶᠢᠨ ᠲᠡᠰ ᠤᠨ | ᠠᠵᠢᠯ ᠠᠴᠠ ᠪᠠᠨ ᠰᠠᠯᠵᠦ ᠠᠮᠠᠷᠠᠭᠰᠠᠨ ᠪᠠ ᠠᠵᠢᠯ ᠠᠴᠠ ᠪᠠᠨ ᠪᠠᠭᠤᠵᠦ ᠠᠮᠠᠷᠬᠠᠰᠠᠨ ᠠᠬᠠᠮᠠᠳ ᠨᠦᠭᠦᠳ ᠬᠤᠷᠠᠯ ᠳᠤ | ᠤᠷᠤᠯᠴᠠᠪᠠ᠃ ᠲᠤᠰ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠥᠬᠡᠬᠤᠲᠠ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠢ ᠶᠢᠨ ᠭᠤᠤᠯ | ᠬᠠᠷᠢᠭᠤᠴᠠᠯᠭᠠᠳᠠᠳ᠂ ᠣᠨᠣᠯ ᠤᠨ ᠠᠵᠢᠯᠲᠠᠨ ᠪᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ | ᠲᠥᠯᠥᠭᠡᠯᠡᠭᠴᠢ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ | ᠵᠢᠯᠣᠭᠤᠳᠬᠤ ᠳᠤᠭᠤᠶᠢᠯᠠᠩ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠠ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ ᠨᠡᠷ ᠭᠤᠤᠯ ᠲᠠᠯᠠᠪᠠᠶ ᠶᠢᠨ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠲᠠᠯᠠᠪᠠᠶ ᠶᠢᠨ ᠬᠤᠷᠠᠯ ᠲᠣᠬᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶ᠎ᠡ ᠬᠤᠶᠠᠳᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠤᠯᠤᠰ ᠤᠨ ᠬᠢᠯᠢ ᠪᠠ ᠳᠠᠯᠠᠢ ᠶᠢᠨ ᠬᠠᠮᠠᠭᠠᠯᠠᠯᠲᠠ ᠶᠢᠨ ᠬᠤᠷᠢᠶᠡᠨ ᠤ ᠬᠤᠯᠪᠣᠭᠳᠠᠯ ᠪᠥᠬᠦᠶ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2020 ᠣᠨ ᠤ ᠥᠪᠡᠷᠲᠡᠭᠡᠨ ᠵᠠᠰᠠᠬᠤ ᠣᠷᠣᠨ ᠤ | ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠪᠠ 2021 ᠤᠨ ᠤ ᠠᠵᠢᠯ ᠤᠨ ᠲᠣᠬᠢᠷᠠᠭᠤᠯᠤᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ | ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ | ᠬᠤᠷᠢᠶᠡᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ | ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶᠡᠨ ᠤ ᠳᠡᠳ᠋ ᠡᠷᠬᠢᠯᠡᠭᠴᠢ ᠯᠢᠨ ᠱᠣᠤ ᠴᠦᠨ᠂ ᠵᠠᠩ ᠱᠣᠤ | ᠴᠦᠨ᠂ ᠮᠠ ᠴᠢᠩ ᠯᠸᠢ᠂ ᠶᠠᠨ ᠵᠢᠶᠦ᠋ᠨ᠂ ᠡᠸᠤ ᠶᠠᠩ ᠰᠢᠶᠤᠤ ᠬᠤᠶ᠂ ᠾᠧᠩ ᠰᠢᠶᠤᠤ ᠹᠠᠨ᠂ ᠵᠠᠩ ᠶᠢᠩ ᠺᠦᠶ᠂ | ᠴᠧᠨ ᠯᠦ ᠱᠧᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ | ᠬᠤᠷᠢᠶᠡᠨ ᠤ ᠭᠡᠰᠢᠭᠦᠳ ᠬᠤᠷᠠᠯ ᠳᠤ ᠤᠷᠤᠯᠴᠠᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠲᠤᠰ ᠬᠤᠷᠠᠯ ᠳᠤ ᠰᠤᠯᠠ ᠣᠷᠣᠯᠴᠠᠪᠠ᠃ | 3 ᠳ᠋ᠤᠭᠠᠷ ᠰᠠᠷ᠎ᠠ ᠶᠢᠨ 22 ᠤᠨ ᠡᠳᠦᠷ ᠳᠤᠮᠳᠠᠳᠤ ᠤᠯᠤᠰ • ᠥᠪᠥᠷ ᠮᠣᠩᠭᠤᠯ ᠤᠨ ᠠᠮᠤ ᠪᠤᠳᠠᠭᠠᠨ ᠤ | ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠬᠡᠵᠢᠩ ᠳᠤ ᠨᠡᠶᠢᠳᠡᠯᠡᠪᠡ᠃ ᠲᠣᠰ ᠵᠢᠭᠠᠯᠲᠠ ᠲᠤᠭ᠎ᠠ ᠶᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠠᠴᠠ ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ | ᠵᠠᠩᠭᠢ ᠶᠢᠨ ᠬᠤᠷᠢᠶ᠎ᠠ ᠲᠠᠢ ᠬᠠᠮᠲᠤᠷᠠᠨ ᠨᠠᠶᠢᠷᠠᠭᠤᠯᠤᠨ ᠵᠤᠬᠢᠶᠠᠬᠰᠠᠨ ᠶᠤᠮ᠂ ᠡᠨᠡ ᠪᠤᠯ ᠪᠥᠬᠦ ᠤᠯᠤᠰ ᠤᠨ | ᠠᠩᠬᠠᠳᠠᠭᠴᠢ ᠠᠮᠤ ᠪᠤᠳᠠᠭᠠᠨ ᠤ ᠬᠥᠭᠵᠢᠯᠲᠡ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠵᠢᠭᠠᠯᠲᠠ ᠲᠤᠭ᠎ᠠ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ | ᠴᠦᠨ᠂ ᠰᠢᠨᠬᠤᠸᠠ ᠬᠤᠷᠢᠶᠡᠨ ᠤ ᠨᠠᠷᠢᠨ ᠪᠢᠴᠢᠭ ᠤᠨ ᠳᠠᠷᠤᠭ᠎ᠠ ᠬᠥᠩ ᠰᠢ ᠰᠢᠶᠠᠩ᠂ ᠤᠯᠤᠰ ᠤᠨ ᠠᠮᠤ ᠪᠤᠳᠠᠭ᠎ᠠ | ᠪᠠ ᠡᠳ᠋ ᠪᠠᠷᠠᠭ᠎ᠠ ᠨᠥᠭᠡᠴᠡᠯᠡᠬᠦ ᠲᠤᠪᠴᠢᠶᠡᠨ ᠤ ᠳᠡᠳ᠋ ᠳᠠᠷᠤᠭ᠎ᠠ ᠵᠢᠶᠠ ᠴᠢᠶᠠᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ ᠤᠨ ᠠᠵᠤ ᠠᠬᠤᠶ ᠠᠷᠠᠯᠵᠢᠶᠡᠨ ᠤ ᠵᠤᠷᠭᠠᠨ ᠤ ᠳᠡᠳ᠋ ᠳᠠᠷᠤᠭ᠎ᠠ ᠵᠠᠩ ᠵᠢᠶᠠᠩ ᠪᠥᠸᠧ | ᠲᠤᠰ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠥᠪᠥᠷ ᠮᠣᠩᠭᠤᠯ ᠤᠨ ᠠᠮᠤ | ᠪᠤᠳᠠᠭᠠᠨ ᠤ ᠴᠢᠨᠠᠷ ᠰᠠᠶᠢᠲᠠᠶ ᠬᠥᠭᠵᠢᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ ᠶᠤᠰᠤᠯᠠᠯ ᠢ ᠬᠠᠮᠲᠤ ᠪᠠᠷ | ᠡᠬᠢᠯᠡᠭᠦᠯᠪᠡ᠃ | 3 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠶᠢᠨ ᠬᠤᠷᠢᠨᠭᠡᠷ ᠰᠢᠶᠠᠨ᠂ ᠪᠤᠭᠤᠲᠤ | ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠥᠨᠳᠡᠯᠡᠨ ᠲᠣᠭᠤᠷᠢᠭ᠂ ᠴᠢᠩᠱᠠᠨ | ᠲᠣᠭᠤᠷᠢᠭ᠂ ᠵᠢᠤᠶᠤᠸᠠᠨ ᠲᠣᠭᠤᠷᠢᠭ᠂ ᠤᠷᠳᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ ᠭᠦᠨᠵᠡᠭᠡᠶᠢᠷᠡᠵᠦ᠂ | ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ | ᠪᠠᠶᠢᠴᠠᠭᠠᠨ ᠰᠣᠳᠣᠯᠬᠤ ᠳᠤ ᠪᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠭᠦᠴᠦᠯᠡᠨ | ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠡᠷᠴᠢᠮ ᠢᠶᠠᠨ | ᠴᠢᠩᠭᠠᠷᠠᠭᠤᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠴᠢᠨᠠᠷ ᠰᠠᠶᠢᠲᠠᠢ | ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠸᠠᠩ ᠯᠢ ᠰᠢᠶᠠ᠂ ᠮᠧᠡᠭ ᠹᠠᠨ ᠯᠢ᠂ ᠵᠠᠩ ᠱᠤᠤ ᠴᠦᠨ᠂ ᠠᠢ ᠯᠢ ᠬᠤᠸᠠ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ ᠲᠣᠰ ᠠᠵᠢᠯᠯᠠᠭ᠎ᠠ ᠳᠤ ᠣᠷᠣᠯᠴᠠᠪᠠ᠃ | 3 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ᠡᠷᠬᠢᠯᠡᠭᠴᠢ ᠱᠢ ᠲᠠᠢ ᠹᠧᠩ ᠣᠷᠳᠣᠰ ᠬᠤᠲᠠ ᠳᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠰᠢᠭᠤᠷᠬᠠᠶ ᠣᠪᠣᠷ᠂ ᠨᠠᠩ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ | ᠵᠤᠷᠢᠨᠨᠰᠠᠨ ᠳᠤ ᠪᠠᠨ ᠬᠥᠷᠬᠦ ᠪᠠᠷ ᠴᠦᠭᠦᠷᠡᠰᠢ ᠦᠭᠡᠢ ᠠᠵᠢᠯᠯᠠᠬᠤ ᠡᠷᠴᠢ ᠵᠣᠷᠢᠭ ᠢᠶᠠᠷ ᠴᠡᠭᠴᠡᠯᠡᠨ ᠵᠠᠰᠠᠬᠤ ᠠᠵᠢᠯ ᠢ | ᠡᠴᠦᠰ ᠲᠤᠨᠢ ᠲᠤᠯᠲᠠᠯ᠎ᠠ ᠠᠳᠬᠤᠵᠤ᠂ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ | ᠯᠢ ᠬᠤᠸᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠤᠬᠠᠭᠤᠯᠬᠤ ᠬᠡᠯᠲᠡᠰ ᠬᠥᠬᠡᠬᠤᠲᠠ ᠳᠤ ᠵᠢᠨᠬᠤᠸᠠᠷ᠂ | ᠠᠯᠲᠠᠨᠰᠠᠩ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠲᠤᠬᠠᠢ ᠨᠡᠶᠢᠲᠡᠯᠡᠬᠦ ᠬᠤᠷᠠᠯ ᠬᠤᠷᠠᠯᠳᠤᠭᠤᠯᠵᠦ᠂ | ᠲᠡᠳᠡᠨ ᠳᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠣᠯᠭᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ | ᠢᠤᠶ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ | ᠪᠥᠭᠡᠳ ᠵᠢᠨᠬᠤᠸᠠᠷ᠂ ᠠᠯᠲᠠᠨᠰᠠᠩ ᠨᠥᠬᠦᠷ ᠲᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠦᠨᠡᠮᠯᠡᠯ ᠪᠠ | ᠱᠠᠩᠨᠠᠯ ᠤᠨ ᠮᠧᠳᠠᠯ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠲᠤᠰ | ᠨᠡᠶᠢᠲᠡᠯᠡᠬᠦ ᠬᠤᠷᠠᠯ ᠳᠤ ᠣᠷᠣᠯᠴᠠᠪᠠ᠃ | 3 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ 2021 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠦ ᠰᠠᠨᠠᠯ ᠢᠶᠠᠨ ᠰᠤᠯᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠡ ᠲᠠᠯᠪᠢᠪᠠ᠃ ᠬᠤᠷᠠᠯ ᠠᠴᠠ ᠡᠮᠤᠨ᠎ᠠ᠂ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠪᠡᠷᠰᠡᠳ ᠢᠶᠠᠨ ᠬᠢᠨᠠᠮᠠᠭᠠᠢ ᠰᠤᠷᠤᠯᠴᠠᠪᠠ᠃ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠦ | ᠴᠢ ᠹᠠᠨ᠂ ᠪᠠᠢ ᠢᠤᠢ ᠭᠠᠩ᠂ ᠮᠧᠡᠭ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ | ᠰᠠᠨᠠᠯ ᠢᠶᠠᠨ ᠰᠣᠯᠢᠯᠴᠠᠬᠤ ᠦᠭᠡ ᠶᠠᠷᠢᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ | ᠪᠢᠴᠢᠭ ᠤᠨ ᠬᠡᠯᠪᠡᠷᠢ ᠪᠠᠷ ᠶᠠᠷᠢᠬᠤ ᠦᠭᠡ ᠪᠠᠨ ᠲᠡᠪᠰᠢᠬᠦᠯᠪᠡ᠃ ᠤᠯᠠᠨ ᠢᠶᠠᠷ ᠢᠶᠠᠨ ᠰᠤᠷᠤᠯᠴᠠᠯᠭ᠎ᠠ ᠶᠢᠨ ᠭᠤᠣᠯ | ᠰᠡᠳᠦᠪ ᠢᠶᠠᠷ ᠨᠢᠨᠨᠳᠠ ᠭᠤᠤᠯᠳᠠᠭᠤᠯᠤᠨ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ | ᠭᠦᠨᠵᠡᠭᠡᠢ ᠰᠡᠳᠬᠢᠨ ᠪᠣᠳᠣᠯᠬᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠢ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠲᠤᠷᠠᠳᠪᠠ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠤᠯᠤᠰ ᠤᠨ ᠮᠦᠬᠦ ᠪᠠᠺᠲ᠋ᠧᠷᠢᠲᠦ ᠡᠪᠡᠰᠦᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ | ᠲᠥᠪ ᠤᠨ ᠲᠡᠷᠢᠬᠦᠨ ᠰᠢᠨᠵᠢᠯᠡᠬᠦ ᠤᠬᠠᠭᠠᠨᠲᠠᠨ ᠯᠢᠨ ᠵᠠᠨ ᠰᠢ ᠨᠡᠷ ᠲᠠᠢ ᠠᠭᠤᠯᠵᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠯᠢ ᠪᠢᠩ ᠷᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ | ᠠᠭᠤᠯᠵᠠᠯᠲᠠ ᠳᠤ ᠣᠷᠣᠯᠴᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠡ ᠠᠴᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠲᠤᠭ᠎ᠠ ᠪᠦᠷᠢᠳᠬᠡᠯ ᠢ | ᠰᠢᠮᠳᠠᠭᠤᠯᠤᠨ ᠪᠠᠶᠢᠴᠠᠭᠠᠨᠨᠰᠠᠨ ᠰᠠᠨᠠᠯ ᠢᠶᠠᠨ ᠬᠠᠷᠢᠭᠤ ᠲᠤᠰᠬᠠᠪᠠ᠃ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠡᠨ ᠤ 2020 ᠣᠨ ᠤ 12 ᠳ᠋ᠤᠭᠠᠷ ᠲᠤᠭ᠎ᠠ ᠪᠦᠷᠢᠳᠬᠡᠯ ᠢ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠡᠨ ᠤ | ᠳᠡᠳ᠋ ᠳᠠᠷᠤᠭ᠎ᠠ ᠮᠤᠤ ᠶᠧᠤ ᠹᠧᠡᠭ ᠬᠤᠷᠠᠯ ᠳᠤ ᠣᠷᠣᠯᠴᠠᠭᠰᠠᠨ ᠪᠥᠭᠡᠳ ᠰᠢᠮᠳᠠᠭᠤᠯᠤᠨ ᠪᠠᠶᠢᠴᠠᠭᠠᠨᠨᠰᠠᠨ ᠰᠠᠨᠠᠯ ᠢᠶᠠᠨ | ᠨᠡᠪᠳᠡᠷᠡᠬᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ | ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ | ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠡᠨ ᠤ 2020 ᠣᠨ ᠤ 12 ᠳ᠋ᠤᠭᠠᠷ ᠲᠤᠭ᠎ᠠ ᠪᠦᠷᠢᠳᠬᠡᠯ ᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠵᠢᠴᠢ ᠭᠦᠨᠵᠡᠬᠡᠢ ᠰᠢᠮᠳᠠᠭᠤᠯᠤᠨ ᠪᠠᠶᠢᠴᠠᠭᠠᠨᠨᠳᠠᠬᠤ ᠭᠠᠵᠠᠷ ᠣᠷᠣᠨ ᠤ ᠬᠤᠯᠪᠣᠭᠳᠠᠯ ᠪᠦᠬᠦᠢ ᠬᠠᠷᠢᠭᠤᠴᠠᠯᠭᠠᠳᠠᠳ | ᠲᠤᠰ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠠᠴᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ | ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠲᠤᠰᠢᠶᠠᠨ | ᠰᠢᠢᠳᠪᠦᠷᠢᠯᠡᠭᠦᠯᠵᠦ᠂ 2021 ᠤᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠳᠤ | ᠳᠠᠶᠢᠴᠢᠯᠠᠯᠲᠠ ᠬᠢᠵᠦ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠬᠤᠷᠠᠯ ᠳᠤ ᠤᠷᠤᠯᠴᠬᠠᠰᠠᠨ | ᠪᠦᠬᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ | ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ | ᠴᠦᠨ ᠬᠤᠷᠠᠯ ᠳᠤ ᠣᠷᠣᠯᠴᠠᠭᠰᠠᠨ ᠪᠥᠭᠡᠳ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠠᠵᠢᠯ ᠢ | ᠰᠠᠶᠢᠲᠤᠷ ᠬᠢᠬᠦ ᠲᠠᠯ᠎ᠠ ᠪᠠᠷ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠳᠤ ᠤᠷᠤᠯᠴᠠᠵᠦ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠭᠢᠯᠡᠪᠡ᠃ ᠬᠤᠷᠠᠯ | ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠭᠤᠣᠯ ᠬᠠᠷᠢᠭᠤᠴᠠᠯᠭᠠᠳᠠᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ | ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ ᠪᠠ ᠡᠯ᠎ᠡ ᠲᠤᠰᠬᠠᠢ ᠵᠥᠪᠯᠡᠯ᠂ ᠬᠡᠰᠡᠭ | ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠬᠦ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠳᠠᠳ ᠲᠤᠰ | ᠬᠤᠷᠠᠯ ᠳᠤ ᠣᠷᠣᠯᠴᠠᠪᠠ᠃ | 3 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠴᠢ ᠳ᠋ᠢ ᠰᠲ᠋ᠣᠺ ᠡᠵᠡᠮᠳᠡᠭᠰᠡᠨ ᠬᠤᠪᠢᠴᠠᠭᠠᠳᠣ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠶ ᠡᠦ ᠨᠡᠷ ᠲᠠᠢ ᠠᠭᠤᠯᠵᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠯᠢ ᠪᠢᠩ ᠷᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ | ᠠᠭᠤᠯᠵᠠᠯᠲᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠬᠢᠬᠡᠳ ᠰᠠᠬᠢᠯᠭ᠎ᠠ | ᠪᠠᠲᠤ ᠪᠠᠶᠢᠴᠠᠭᠠᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ 2020 ᠣᠨ ᠤ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2021 ᠣᠨ ᠤ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ | ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ | ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶᠡᠨ ᠤ ᠱᠦᠵᠢ ᠵᠠᠩ ᠱᠤᠤ ᠴᠦᠨ ᠬᠤᠷᠠᠯ ᠳᠤ | ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠵᠠᠮ ᠬᠠᠮᠠᠭᠠᠯᠠᠵᠦ ᠬᠤᠯᠪᠣᠭᠠᠯᠠᠨ ᠰᠡᠷᠭᠡᠶᠢᠯᠡᠬᠦ ᠠᠵᠢᠯ ᠤᠨ | ᠸᠢᠳᠢᠣ᠋ ᠬᠤᠷᠠᠯ ᠬᠤᠷᠠᠯᠳᠤᠵᠤ᠂ ᠣᠶᠢᠷ᠎ᠠ ᠶᠢᠨ ᠵᠢᠯ ᠤᠨ ᠲᠤᠷᠰᠢᠬᠢ ᠮᠠᠨ ᠤ ᠣᠷᠣᠨ ᠤ ᠲᠡᠮᠦᠷ ᠵᠠᠮ ᠤᠨ ᠵᠠᠮ | ᠬᠠᠮᠠᠭᠠᠯᠠᠵᠦ ᠬᠤᠯᠪᠣᠭᠠᠯᠠᠨ ᠰᠡᠷᠭᠡᠶᠢᠯᠡᠬᠦ ᠠᠵᠢᠯ ᠢ ᠳ᠋ᠦᠩᠨᠡᠵᠦ᠂ ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠠᠮᠤᠷ ᠠᠮᠤᠭᠤᠯᠠᠩ ᠥᠪᠥᠷ ᠮᠣᠩᠭᠤᠯ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠲᠡᠮᠦᠷ ᠵᠠᠮ ᠤᠨ ᠵᠠᠮ ᠬᠠᠮᠠᠭᠠᠯᠠᠵᠦ ᠬᠤᠯᠪᠤᠭᠠᠯᠠᠨ ᠰᠡᠷᠭᠡᠶᠢᠯᠡᠬᠦ | ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠤᠷᠤᠯᠴᠬᠠᠰᠠᠨ | ᠪᠦᠬᠡᠳ ᠶᠠᠷᠢᠶ᠎ᠠ ᠲᠠᠯᠪᠢᠪᠠ᠃ | 3 ᠳ᠋ᠤᠭᠠᠷ ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ | ᠲᠠᠪᠤᠳᠤᠭᠠᠷ ᠤᠳᠠᠭᠠᠨ ᠤ ᠬᠤᠷᠠᠯ ᠬᠥᠬᠡᠬᠤᠲᠠ ᠳᠤ ᠡᠬᠢᠯᠡᠭᠰᠡᠨ ᠪᠥᠭᠡᠳ ᠠᠩᠬᠠᠳᠤᠭᠠᠷ ᠤᠳᠠᠭᠠᠨ ᠤ ᠪᠥᠬᠦᠳᠡ | ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ | ᠹᠧᠡᠭ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠤ᠋᠂ ᠵᠠᠩ ᠶᠤᠸᠠᠨ ᠵᠥᠩ᠂ | ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠡᠨ ᠤ ᠭᠡᠰᠢᠭᠦᠳ | ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠡᠨ ᠤ ᠬᠤᠷᠢᠶᠡᠨ ᠳᠠᠷᠤᠭ᠎ᠠ ᠶᠠᠩ ᠽᠦᠩ ᠷᠧᠨ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠤ ᠳᠠᠷᠤᠭ᠎ᠠ ᠯᠢ ᠴᠢ ᠯᠢᠨ | ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶ᠎ᠠ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠣᠷᠣᠯᠴᠠᠪᠠ᠃ ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠪᠠᠰᠠ ᠠᠶ ᠯᠢ ᠬᠤᠸᠠ᠂ ᠯᠢᠶᠠᠨ | ᠰᠤ᠋ ᠶᠢᠨ ᠲᠤᠰ ᠲᠤᠰ ᠬᠢᠭᠰᠡᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠪᠠᠷ | ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠶ ᠵᠥᠪᠯᠡᠯ ᠤᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠬᠤᠷᠢᠶᠡᠨ ᠤ ᠬᠠᠷᠢᠭᠤᠴᠠᠯᠭᠠᠲᠠᠨ᠂ ᠡᠯ᠎ᠡ ᠲᠣᠭᠤᠷᠢᠭ ᠲᠠᠢ | ᠬᠤᠲᠠ᠂ ᠠᠰᠳᠠᠭᠠᠨ ᠲᠦᠯᠦᠪᠯᠡᠭᠡ ᠬᠢᠬᠦ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ ᠬᠤᠷᠠᠯ ᠳᠤ ᠰᠤᠯᠠ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠥᠬᠡᠬᠤᠲᠠ ᠳᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠦ ᠰᠢᠮᠳᠠᠭᠤᠯᠤᠨ ᠵᠢᠯᠤᠭᠤᠳᠬᠤ ᠳᠤ ᠪᠠᠨ᠂ | ᠨᠠᠮ ᠤᠨ ᠲᠥᠪ ᠬᠤᠷᠢᠶᠡᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠡᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠵᠦ᠂ | ᠭᠦᠨᠵᠡᠭᠡᠶ ᠪᠥᠭᠡᠳ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ | ᠬᠥᠮᠦᠵᠢᠯ ᠴᠡᠭᠴᠡᠯᠡᠯᠲᠡ ᠶᠢᠨ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ | ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠳᠠᠳ ᠲᠤᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | 3 ᠳ᠋ᠤᠭᠠᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ | ᠲᠠᠪᠤᠳᠤᠭᠠᠷ ᠤᠳᠠᠭᠠᠨ ᠤ ᠬᠤᠷᠠᠯ ᠬᠤᠶᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠩ ᠰᠢ᠂ ᠯᠢᠶᠠᠨ ᠰᠤ᠋᠂ | ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠪᠠ ᠪᠠᠶᠢᠩᠭᠤ ᠶᠢᠨ | ᠬᠤᠷᠢᠶᠡᠨ ᠤ ᠭᠡᠰᠢᠭᠦᠳ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ | ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠬᠤᠷᠢᠶᠡᠨ | ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠦᠷᠢᠮ︾ ᠢ ᠪᠠᠳᠤᠯᠠᠪᠠ᠃ ᠬᠤᠷᠠᠯ ᠠᠴᠠ | ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠰᠣᠩᠭᠤᠭᠤᠯᠢ ᠶᠢᠨ ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ | ᠲᠤᠨᠨᠲᠠᠭᠠᠯ ᠢ ᠪᠠᠳᠤᠯᠠᠪᠠ︔ ︽ᠲᠦᠩᠯᠢᠶᠣᠤ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ | ᠲᠦᠷᠢᠮ︾ ᠢ ᠵᠥᠪᠰᠢᠶᠡᠷᠡᠬᠦ ᠲᠤᠬᠠᠶ ᠰᠢᠢᠳᠪᠦᠷᠢ ᠶᠢ ᠪᠠᠳᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃ ᠱᠢ ᠲᠠᠢ ᠹᠧᠩ ᠠᠴᠠ ᠱᠢ | ᠸᠠᠨ ᠵᠢᠶᠦ᠋ᠨ᠂ ᠯᠦᠸᠧ ᠬᠤ᠋ ᠽᠠᠢ᠂ ᠵᠢᠶᠠᠩ ᠬᠤᠩ᠂ ᠭᠤᠤ ᠱᠢ ᠴᠢᠨ᠂ ᠰᠡᠴᠡᠨᠪᠢᠯᠢᠭ᠂ ᠡᠾᠦ᠋ᠸᠧ ᠵᠣᠣ ᠯᠢᠶᠠᠩ᠂ | ᠰᠢᠤᠢ ᠵᠦᠸᠧ᠂ ᠸᠠᠩ ᠶᠦᠩ ᠮᠢᠩ᠂ ᠸᠠᠩ ᠸᠧᠶ ᠳ᠋ᠦᠩ᠂ ᠲᠢᠶᠠᠨ ᠯᠢ ᠮᠢᠨ᠂ ᠬᠠᠨ ᠪᠣᠣ ᠷᠦᠩ ᠨᠠᠷ ᠲᠤ | ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠢᠯᠢ ᠶᠢᠨ ᠣᠳᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠵᠢᠯᠠᠭ᠎ᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠳᠠᠯᠳᠠᠭᠤᠷ ᠰᠤᠷᠪᠤᠯᠵᠢᠯᠠᠨ ᠪᠠᠶᠢᠴᠠᠭᠠᠨᠨᠰᠠᠨ ᠪᠦᠬᠡᠳ | ᠬᠤᠷᠠᠯ ᠡᠷᠭᠢᠯᠡᠨ ᠬᠤᠷᠠᠯᠳᠤᠭᠤᠯᠵᠤ᠂ ᠰᠦ ᠶᠢᠨ ᠦᠢᠯᠡᠰ ᠤᠨ ᠠᠵᠤ ᠦᠢᠯᠡᠰ ᠤᠨ ᠬᠠᠮᠢᠶ᠎ᠡ ᠪᠥᠬᠦᠶ ᠲᠥᠷᠥᠯ | ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠬᠤ ᠳᠤ ᠪᠠᠨ᠂ ᠭᠤᠤᠯᠳᠠᠯᠭ᠎ᠠ ᠲᠠᠢ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠳᠤᠷ ᠠᠳᠬᠤᠬᠤ ᠶᠢ ᠳᠡᠭᠡᠳᠦ ᠬᠡᠮᠵᠢᠶ᠎ᠡ ᠪᠠᠷ ᠠᠩᠬᠠᠷᠴᠤ᠂ | ᠦᠨᠡᠨ ᠬᠦ ᠭᠦᠴᠥ ᠮᠦᠩᠬᠦ ᠤᠷᠤᠭᠤᠯᠤᠨ ᠦᠨᠡᠨ ᠪᠣᠳᠠᠲᠠᠶ ᠠᠵᠢᠯᠯᠠᠵᠤ ᠦᠨᠡᠨ ᠰᠡᠳᠬᠢᠯ ᠠᠴᠠ ᠪᠠᠨ ᠬᠠᠪᠰᠤᠷᠤᠨ᠂ | ᠰᠡᠳᠬᠢᠯ ᠨᠢᠬᠡᠳᠦᠨ ᠬᠦᠴᠦ ᠪᠠᠨ ᠬᠠᠮᠲᠤᠳᠬᠠᠵᠤ ᠠᠵᠢᠯ ᠢ ᠤᠷᠤᠭᠰᠢ ᠠᠬᠢᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠰᠠᠶᠢᠳᠣᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ | ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ | ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠥᠬᠡᠬᠤᠲᠠ ᠳᠤ ᠮᠥᠩᠭᠦᠨ | ᠭᠦᠢᠯᠬᠡᠬᠡ ᠪᠠᠷ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠠᠶᠢᠬᠤ ᠶᠢ ᠲᠡᠮᠵᠢᠬᠦ ᠵᠠᠰᠠᠭ ᠤᠨ ᠣᠷᠳᠣᠨ ᠮᠦᠩᠭᠦᠨ ᠭᠦᠢᠯᠬᠡᠬᠡ | ᠠᠵᠦ ᠠᠬᠤᠶᠢᠯᠠᠯ ᠤᠨ ᠵᠤᠯᠭᠠᠯᠴᠠᠭᠠᠨ ᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠵᠤᠯᠭᠠᠯᠴᠠᠭᠠᠨ ᠤ ᠬᠤᠷᠠᠯ ᠳᠤ ᠣᠷᠣᠯᠴᠠᠭᠰᠠᠨ | ᠪᠥᠭᠡᠳ ᠭᠡᠷ᠎ᠡ ᠲᠤᠬᠢᠷᠠᠯᠴᠠᠬᠤ ᠶᠢ ᠬᠡᠷᠡᠴᠢᠯᠡᠪᠡ᠃ | 3 ᠳ᠋ᠤᠭᠠᠷ ᠰᠠᠷ᠎ᠠ ᠶᠢᠨ 31 ᠤ ᠡᠳᠦᠷ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ | ᠳᠤᠭᠤᠶᠢᠯᠠᠩ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ ᠲᠠᠢ ᠪᠠᠶᠢᠳᠠᠯ ᠢᠶᠠᠨ ᠤᠯᠤᠯᠴᠠᠬᠤ | ᠬᠤᠷᠠᠯ ᠪᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠲᠥᠪ ᠤᠨ ᠳᠥᠷᠪᠡᠳᠦᠭᠡᠷ ᠰᠢᠮᠳᠠᠭᠤᠯᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ | ᠳᠡᠳ᠋ ᠡᠷᠬᠢᠯᠡᠭᠴᠢ ᠭᠡᠰᠢᠭᠦᠨ ᠴᠧ ᠵᠢᠶᠦ᠋ᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ | ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠥᠬᠦ ᠤᠯᠤᠰ ᠤᠨ | ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ | ᠶᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ | ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠠᠶᠢᠩᠭᠤ ᠶᠢᠨ ᠳᠡᠳ᠋ ᠳᠠᠷᠤᠭ᠎ᠠ ᠯᠢᠨ ᠱᠣᠤ ᠴᠦᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ | ᠪᠠᠶᠢᠭᠤᠯᠤᠯᠲᠠ ᠶᠢᠨ ᠦᠨᠳᠦᠰᠦᠨ ᠪᠠᠶᠢᠳᠠᠯ ᠪᠠ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ | ᠬᠥᠮᠦᠵᠢᠯ ᠴᠡᠭᠴᠡᠯᠡᠯᠲᠡ ᠶᠢᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠬᠠᠷᠢᠭᠤ ᠮᠡᠳᠡᠭᠦᠯᠪᠡ᠃ ᠥᠪᠡᠷᠲᠡᠭᠡᠨ | ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠴᠢ ᠹᠠᠨ᠂ ᠶᠠᠩ ᠸᠧᠢ ᠳ᠋ᠦᠩ᠂ ᠾᠧᠩ ᠰᠢᠶᠤᠤ ᠹᠠᠨ᠂ | ᠶᠠᠩ ᠽᠦᠩ ᠷᠧᠨ᠂ ᠯᠢ ᠴᠢ ᠯᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠲᠥᠪ ᠤᠨ | ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ | ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠲᠤᠰ ᠬᠤᠷᠠᠯ ᠳᠤ ᠣᠷᠣᠯᠴᠠᠪᠠ᠃ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠮᠡᠳᠡᠭᠡ |