ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ 226 ᠵᠢᠱᠢᠶ᠎ᠡ ᠦᠵᠡᠭᠦᠯᠬᠦ ᠰᠠᠭᠤᠷᠢᠨ ᠪᠠᠶᠢᠭᠤᠯᠪᠠ
ᠨᠡᠶᠢᠲᠡᠯᠡᠭᠰᠡᠨ ᠴᠠᠭ᠄
2021/9/23
     ᠮᠠᠨ ᠤ ᠤᠷᠤᠨ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠴᠡᠭ ᠤᠨ ᠠᠵᠢᠯ ᠢ ᠶᠡᠭᠡ ᠪᠠᠷ ᠴᠢᠬᠤᠯᠠᠴᠢᠯᠠᠨ ᠦᠨᠳᠦᠰᠦᠨ ᠱᠠᠲᠤᠨ ᠤ ᠲᠠᠷᠢᠶᠠᠯᠠᠩ ᠤᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠵᠤ᠂ ᠤᠳᠤᠬᠠᠨ ᠪᠤᠯᠳᠠᠯ᠎ᠠ ᠪᠦᠬᠦ ᠤᠷᠤᠨ ᠢᠶᠠᠷ ᠢᠶᠠᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ 226 ᠵᠢᠱᠢᠶ᠎ᠡ ᠦᠵᠡᠭᠦᠯᠬᠦ ᠰᠠᠭᠤᠷᠢᠨ ᠪᠠᠶᠢᠭᠤᠯᠪᠠ᠃      2018 ᠣᠨ ᠠᠴᠠ ᠨᠠᠭᠠᠰᠢ᠂ ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠦᠴᠦᠲᠡᠶ ᠳᠡᠮᠵᠢᠯᠭᠡ ᠳᠣᠣᠷ᠎ᠠ᠂ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠥᠷᠨᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ ᠪᠠ ᠲᠥᠮᠥᠰᠥ ᠵᠡᠷᠭᠡ ᠭᠤᠣᠯ ᠪᠣᠯᠬᠤ ᠲᠠᠷᠢᠮᠠᠯ ᠤᠨ ᠦᠢᠯᠡᠰ ᠤᠨ ᠪᠣᠬᠢᠷᠲᠤᠯ ᠦᠭᠡᠶ ᠤᠰᠤ ᠠᠷᠪᠢᠯᠠᠬᠤ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠵᠤ᠂ ᠮᠢᠬᠠᠨ ᠤ ᠬᠤᠨᠢ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠦᠬᠦᠭᠡᠷᠦᠮᠵᠢᠳᠤ ᠢᠳᠡᠰᠢᠨ ᠨᠣᠭᠤᠭ᠎ᠠ ᠶᠢᠨ ᠲᠥᠷᠥᠯ ᠵᠦᠢᠯ ᠢ ᠪᠤᠶᠢᠵᠢᠭᠤᠯᠬᠤ ᠪᠠ ᠪᠣᠬᠢᠷᠲᠤᠯ ᠦᠭᠡᠶ ᠦᠢᠯᠡᠳᠪᠦᠷᠢᠯᠡᠬᠦ᠂ ᠰᠠᠭᠠᠯᠢ ᠶᠢᠨ ᠦᠨᠢᠶ᠎ᠡ᠂ ᠭᠤᠷᠪᠠᠨ ᠭᠤᠤᠯ ᠤᠨ ᠦᠬᠡᠷ᠂ ᠨᠣᠤᠯᠤᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠵᠤ ᠪᠤᠶᠢᠵᠢᠭᠤᠯᠬᠤ ᠪᠠ ᠠᠰᠢᠭ ᠰᠢᠮ᠎ᠠ ᠶᠢᠨ ᠭᠠᠷᠤᠯᠳᠠ ᠶᠢ ᠨᠡᠮᠡᠭᠳᠡᠭᠦᠯᠬᠦ ᠶᠢ ᠵᠤᠷᠢᠵᠤ ᠪᠤᠢ᠃ ᠤᠳᠤᠬᠠᠨ ᠪᠤᠯᠳᠠᠯ᠎ᠠ ᠪᠦᠬᠦ ᠤᠷᠤᠨ ᠢᠶᠠᠷ ᠢᠶᠠᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ 15 ᠪᠦᠯᠬᠦᠮ ᠢ ᠵᠣᠬᠢᠶᠠᠨ ᠪᠠᠶᠢᠭᠤᠯᠤᠨ 226 ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠣᠯᠠᠨ ᠲᠠᠰ ᠳᠠᠪᠬᠤᠷᠭ᠎ᠠ ᠪᠠᠷ ᠬᠠᠮᠵᠢᠯᠴᠠᠨ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠢᠬᠡᠳ ᠡᠵᠡᠩᠨᠡᠯᠲᠡ ᠶᠢᠨ ᠭᠤᠤᠯ ᠴᠣᠭᠴᠠ ᠣᠯᠠᠨ ᠲᠠᠯ᠎ᠠ ᠪᠠᠷ ᠬᠠᠮᠵᠢᠯᠴᠠᠬᠤ᠂ ᠳᠠᠷᠢᠵᠤ ᠲᠡᠵᠢᠭᠡᠬᠦ ᠪᠠ ᠣᠯᠠᠨ ᠰᠢᠨᠵᠢᠯᠡᠭᠡᠨ ᠤ ᠰᠠᠯᠠᠭ᠎ᠠ ᠶᠢ ᠬᠠᠷᠢᠯᠴᠠᠨ ᠠᠭᠤᠰᠤᠯᠴᠠᠭᠤᠯᠬᠤ ᠦᠢᠯᠡᠴᠢᠯᠡᠭᠡᠨ ᠤ ᠰᠢᠨ᠎ᠡ ᠲᠣᠭᠲᠠᠴᠠ ᠶᠢ ᠪᠣᠶ ᠪᠣᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠦᠢᠯᠡᠴᠢᠯᠡᠭᠡᠨ ᠤ ᠬᠦᠴᠦᠷᠬᠡᠭ ᠶᠡᠭᠡ ᠬᠠᠮᠳᠤᠷᠠᠯ ᠬᠦᠴᠦᠨ ᠢ ᠨᠢᠭᠲᠠᠷᠠᠭᠤᠯᠤᠨ᠂ ᠮᠠᠯ ᠠᠵᠤ ᠠᠬᠤᠶ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠪᠠᠶᠢᠨ᠎ᠠ᠃      ᠮᠠᠨ ᠤ ᠤᠷᠤᠨ ᠡᠨᠡ ᠵᠢᠯ ᠠᠵᠤ ᠦᠢᠯᠡᠰ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠤᠰᠤᠨ ᠲᠤᠲᠤᠷᠭ᠎ᠠ ᠶᠢ ᠪᠣᠬᠢᠷᠲᠤᠯ ᠦᠭᠡᠶ ᠤᠰᠤ ᠠᠷᠪᠢᠯᠠᠵᠤ ᠥᠨᠳᠥᠷ ᠪᠦᠳᠦᠮᠵᠢᠳᠠᠢ ᠪᠠᠷ ᠲᠠᠷᠢᠬᠤ᠂ ᠮᠢᠬᠠᠨ ᠤ ᠦᠬᠡᠷ ᠢ ᠪᠠᠷᠢᠮᠵᠢᠶᠠᠵᠢᠭᠤᠯᠤᠨ ᠪᠣᠬᠢᠷᠲᠤᠯ ᠦᠭᠡᠢ ᠪᠠᠷ ᠲᠡᠵᠢᠭᠡᠨ ᠮᠠᠯᠵᠢᠬᠤ᠂ ᠣᠷᠣᠨ ᠨᠤᠲᠤᠭ ᠤᠨ ᠰᠦᠯ ᠰᠠᠶᠢᠳᠠᠢ ᠴᠠᠷᠭᠠᠰᠤ ᠡᠪᠡᠰᠤ ᠶᠢᠨ ᠡᠭᠦᠯᠳᠡᠷ ᠢ ᠳᠡᠯᠭᠡᠷᠡᠭᠦᠯᠬᠦ ᠵᠡᠷᠭᠡ ᠮᠠᠯ ᠠᠵᠤ ᠠᠬᠤᠶ ᠲᠠᠷᠢᠶᠠᠯᠠᠩ ᠤᠨ 9 ᠵᠦᠢᠯ ᠤᠨ ᠴᠢᠬᠤᠯᠠ ᠶᠡᠭᠡ ᠲᠧᠭᠨᠢᠭ ᠮᠡᠷᠭᠡᠵᠢᠯ ᠢ ᠬᠠᠮᠵᠢᠯᠴᠠᠨ ᠳᠡᠯᠭᠡᠷᠡᠭᠦᠯᠵᠤ᠂ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠤᠨ᠂ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠡ ᠶᠢᠨ ᠦᠷ᠎ᠡ ᠪᠦᠲᠦᠭᠡᠯ ᠢ ᠪᠦᠲᠦᠮᠵᠢᠲᠡᠶ ᠤᠨᠳᠤᠤᠰᠢᠭᠤᠯᠤᠨ ᠠᠰᠢᠬᠯᠠᠬᠤ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号