4 ᠳ᠋ᠣᠬᠡᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠪᠠ ᠰᠢᠩ ᠶᠧ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠥᠬᠡᠬᠤᠲᠠ ᠳᠤ ︽ᠨᠤᠭᠤᠭᠠᠨ | ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠡᠭᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠬᠠᠮᠳᠣ ᠪᠠᠷ ᠰᠠᠬᠢᠨ ᠬᠠᠮᠠᠭᠠᠯᠠᠶ᠎ᠠ︾ ᠬᠡᠭᠦ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠬᠤᠸᠠᠩ ᡁᠢ ᠴᠢᠶᠠᠩ᠂ ᠰᠢᠩ ᠶᠧ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠳᠠᠷᠤᠭ᠎ᠠ ᠲᠤᠤ ᠢ ᠫᠢᠩ ᠭᠠᠷ ᠤᠨ ᠥᠰᠥᠭ ᠵᠢᠷᠣᠨᠨᠰᠠᠨ ᠢ ᠭᠡᠷᠡᠴᠢᠯᠡᠪᠡ᠃ | 4 ᠳ᠋ᠣᠬᠡᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠱᠠᠩᠬᠠᠢ ᠬᠤᠳᠠ ᠳᠤ ᠭᠦᠷᠴᠣ | ᠰᠣᠷᠣᠯᠴᠠᠵᠦ ᠰᠢᠨᠵᠢᠯᠡᠨ ᠪᠠᠶᠢᠴᠠᠭᠠᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ ︽ᠨᠣᠮ ᠵᠠᠯᠠᠵᠦ︾ ᠡᠷᠳᠡᠮ ᠰᠣᠷᠴᠣ᠂ | ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠬᠡᠶᠢᠷᠡᠬᠦᠯᠦᠨ᠂ ᠬᠠᠮᠳᠣ ᠪᠠᠷ ᠠᠰᠢᠭ ᠬᠦᠷᠳᠡᠬᠦ ᠬᠥᠭᠵᠢᠯᠲᠡ ᠶᠢ | ᠠᠬᠢᠭᠤᠯᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠱᠠᠩᠬᠠᠢ | ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠴᠢᠶᠠᠩ᠂ ᠱᠠᠩᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠳᠠ ᠶᠢᠨ ᠳᠠᠷᠤᠭ᠎ᠠ ᠬᠦᠩ ᠵᠧᠩ᠂ ᠱᠠᠩᠬᠠᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠳ᠋ᠦᠩ ᠶᠦᠨ ᠬᠤ᠋ ᠨᠠᠷ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ ᠱᠠᠩᠬᠠᠢ ᠬᠤᠳᠠ ᠶᠢᠨ | ᠤᠳᠤᠷᠢᠳᠤᠯᠭ᠎ᠠ ᠢᠤᠢ ᠱᠤᠤ ᠯᠢᠶᠠᠩ᠂ ᠵᠧᠩ ᠭᠠᠩ ᠮᠢᠶᠣᠣ᠂ ᠴᠧᠨ ᠶᠢᠨ᠂ ᠸᠧᠩ ᠽᠦ ᠯᠢᠶᠠᠩ᠂ ᠵᠧᠦ ᠬᠤᠢ ᠯᠢᠨ᠂ | ᠵᠦ ᠭᠧ ᠢᠤᠢ ᠵᠢᠶᠧ᠂ ᠰᠢᠤᠢ ᠽᠧ ᠵᠧᠦ᠂ ᠫᠧᠩ ᠴᠧᠨ ᠯᠸᠢ ᠲᠤᠰ ᠲᠤᠰ ᠠᠭᠤᠯᠵᠠᠯᠲᠠ ᠪᠤᠶᠤ ᠬᠤᠯᠪᠣᠭᠳᠠᠯ | ᠪᠦᠬᠦᠢ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ | ᠸᠠᠩ ᠯᠢ ᠰᠢᠶᠠ᠂ ᠮᠧᠩ ᠹᠠᠨ ᠯᠢ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠠᠶ ᠯᠢ ᠬᠤᠸᠠ᠂ ᠬᠤᠸᠠᠩ ᡁᠢ | ᠴᠢᠶᠠᠩ᠂ ᠡᠯ᠎ᠡ ᠠᠶᠢᠮᠠᠭ ᠬᠤᠲᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ | ᠲᠣᠰ ᠠᠵᠢᠯᠯᠠᠭ᠎ᠠ ᠳᠤ ᠤᠷᠤᠯᠴᠠᠪᠠ᠃ | 4 ᠳ᠋ᠣᠬᠡᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ | ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠥᠷᠪᠡᠳᠦᠭᠡᠷ ᠣᠳᠠᠭᠠᠨ ᠤ | ᠬᠤᠷᠠᠯ ᠭᠦᠬᠡᠬᠤᠳᠠ ᠳᠤ ᠬᠤᠷᠠᠯᠳᠤᠪᠠ᠃ ᠬᠤᠷᠠᠯ ᠠᠴᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠬᠦᠯᠬᠡ ᠶᠢᠨ ᠬᠤᠭᠤᠴᠠᠭ᠎ᠠ ᠵᠢᠴᠢ 2020 ᠣᠨ ᠤ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯ ᠢ ᠡᠷᠭᠢᠴᠡᠭᠦᠯᠦᠨ ᠳ᠋ᠦᠩᠨᠡᠭᠰᠡᠨ ᠤ ᠬᠠᠮᠳᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠠᠷᠠᠯᠲᠠ ᠡᠭᠦᠷᠭᠡ ᠪᠠ 2021 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ᠋ᠬᠠᠴᠢᠳ ᠤᠨ | ᠳᠠᠷᠤᠭ᠎ᠠ ᠯᠢᠶᠠᠨ ᠰᠣ᠋ ᠲᠣᠰ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠳᠠᠷᠤᠭ᠎ᠠ ᠡᠸᠤ ᠶᠠᠩ ᠰᠢᠶᠤᠤ ᠬᠤᠶ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | 4 ᠳ᠋ᠣᠬᠡᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ ᠪᠦᠬᠦ ᠤᠯᠤᠰ ᠤᠨ ᠠᠵᠦ | ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠤᠨ ᠳᠡᠳ᠋ ᠲᠡᠷᠢᠭᠦᠯᠡᠭᠴᠢ ᠬᠤᠸᠠᠩ ᠷᠦᠩ ᠪᠦᠯᠬᠦᠮ | ᠳᠠᠭᠠᠭᠤᠯᠤᠨ ᠬᠥᠬᠡᠬᠤᠲᠠ ᠳᠤ ᠢᠲᠡᠭᠡᠮᠵᠢ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠲᠠᠯ᠎ᠠ ᠪᠠᠷ ᠪᠠᠶᠢᠴᠠᠭᠠᠨ | ᠰᠤᠳᠤᠯᠤᠯᠲᠠ ᠬᠢᠭᠰᠡᠨ ᠤ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠴᠢ᠊ ᠪᠠᠲᠤ ᠰᠠᠭᠤᠳᠠᠯ ᠤᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | 4 ᠳ᠋ᠣᠬᠡᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠵᠢᠶᠠᠩᠰᠦ ᠮᠤᠵᠢ ᠳᠤ ᠭᠦᠷᠴᠤ | ᠲᠡᠷᠢᠭᠦᠨ ᠤ ᠲᠤᠷᠰᠢᠯᠭ᠎ᠠ ᠶᠢ ᠰᠤᠷᠤᠯᠴᠠᠨ᠂ ᠴᠢᠬᠤᠯᠠ ᠶᠡᠭᠡ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ | ᠬᠠᠮᠲᠤᠷᠠᠯᠴᠠᠭᠠᠨ ᠤ ᠤᠴᠢᠷ ᠶᠠᠪᠤᠳᠠᠯ ᠢᠶᠠᠨ ᠵᠤᠯᠭᠠᠭᠤᠯᠤᠨ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠳᠤ ᠪᠠᠷ | ᠵᠥᠪᠳᠡᠯᠴᠡᠪᠡ᠃ ᠵᠢᠶᠠᠩᠰᠦ ᠮᠤᠵᠢ ᠶᠢᠨ ᠨᠠᠮ ᠤᠨ ᠬᠤᠷᠢᠶᠠᠨ ᠤ ᠱᠦᠵᠢ᠂ ᠵᠢᠶᠠᠩᠰᠦ ᠮᠤᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠧᠦ ᠴᠢᠨ ᠵᠢᠶᠠᠨ᠂ ᠵᠢᠶᠠᠩᠰᠦ | ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠦ᠋ ᠵᠧᠩ ᠯᠦᠩ᠂ ᠵᠢᠶᠠᠩᠰᠦ ᠮᠤᠵᠢ ᠶᠢᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠤᠸᠠᠩ ᠯᠢ ᠰᠢᠨ ᠨᠡᠷ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠪᠠ᠃ ᠵᠢᠶᠠᠩᠰᠦ ᠮᠤᠵᠢ ᠶᠢᠨ ᠤᠳᠤᠷᠢᠳᠤᠯᠭ᠎ᠠ ᠵᠠᠩ ᠵᠢᠩ ᠬᠤᠸᠠ᠂ ᠰᠢᠤᠢ ᠺᠦᠨ ᠯᠢᠨ᠂ ᠬᠠᠨ ᠯᠢ ᠮᠢᠩ᠂ | ᠵᠣᠣ ᠱᠢ ᠶᠦᠩ᠂ ᠴᠢ ᠵᠢᠶᠠ ᠪᠢᠨ ᠲᠤᠰ ᠲᠤᠰ ᠠᠭᠤᠯᠵᠠᠯᠲᠠ ᠪᠤᠶᠤ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠮᠧᠩ ᠹᠠᠨ ᠯᠢ᠂ ᠵᠠᠩ ᠱᠣᠣ | ᠴᠦᠨ᠂ ᠳ᠋ᠤᠸᠠᠨ ᡁᠢ ᠴᠢᠶᠠᠩ᠂ ᠠᠶ ᠯᠢ ᠬᠤᠸᠠ᠂ ᠬᠤᠸᠠᠩ ᡁᠢ ᠴᠢᠶᠠᠩ᠂ ᠡᠯ᠎ᠡ ᠠᠶᠢᠮᠠᠭ ᠬᠤᠲᠠ ᠪᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠲᠣᠰ ᠠᠵᠢᠯᠯᠠᠭ᠎ᠠ ᠳᠤ ᠣᠷᠣᠯᠴᠠᠪᠠ᠃ | 4 ᠳ᠋ᠣᠬᠡᠷ ᠰᠠᠷ᠎ᠠ ᠶᠢᠨ 20 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠠᠶᠣᠯ ᠦᠬᠡᠢ | ᠦᠢᠯᠡᠳᠪᠦᠷᠢᠯᠡᠯ ᠤᠨ ᠵᠥᠪᠯᠡᠯ ᠤᠨ ᠠᠷᠪᠠᠨ ᠲᠠᠪᠤᠳᠤᠭᠠᠷ ᠰᠢᠯᠭᠠᠨ ᠬᠢᠨᠠᠵᠦ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠰᠢᠯᠭᠠᠨ ᠬᠢᠨᠠᠵᠦ ᠲᠣᠭᠤᠷᠢᠨ ᠪᠠᠶᠢᠴᠠᠭᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ | ᠬᠤᠷᠠᠯᠳᠤᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠣᠯ ᠦᠬᠡᠢ ᠦᠢᠯᠡᠳᠪᠦᠷᠢᠯᠡᠯ ᠤᠨ ᠵᠥᠪᠯᠡᠯ ᠤᠨ ᠠᠷᠪᠠᠨ | ᠲᠠᠪᠤᠳᠤᠭᠠᠷ ᠰᠢᠯᠭᠠᠨ ᠬᠢᠨᠠᠵᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠤᠪᠴᠢᠶᠡᠨ ᠤ ᠳᠡᠳ᠋ ᠳᠠᠷᠤᠭ᠎ᠠ ᠰᠦᠩ ᠰᠢᠨ ᠴᠤᠤ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠲᠣᠰ ᠬᠤᠷᠠᠯ ᠢ ᠡᠷᠭᠢᠯᠡᠭᠰᠡᠨ | ᠪᠥᠭᠡᠳ ᠬᠠᠷᠢᠭᠤ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠥᠯᠥᠨ ᠪᠤᠶᠢᠷ ᠬᠤᠲᠠ ᠶᠢᠨ ᠠᠷᠤᠨ | ᠬᠤᠰᠢᠭᠤᠨ ᠤ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠳᠣ | ᠺᠣᠮᠫᠠᠨᠢ ᠶᠢᠨ ᠨᠢᠭᠡᠳᠦᠭᠡᠷ ᠮᠠᠯᠵᠢᠯ ᠤᠨ ᠲᠠᠯᠠᠪᠠᠶ᠂ ᠢᠯᠢ ᠣᠷᠭᠠᠨᠢᠭ ᠴᠠᠭᠠᠨ ᠢᠳᠡᠭᠡᠨ ᠤ ᠲᠥᠷᠥᠯ ᠵᠦᠢᠯ᠂ ᠲᠢᠶᠠᠨ | ᠰᠢᠩ ᠮᠠᠯᠵᠢᠯ ᠤᠨ ᠲᠠᠯᠠᠪᠠᠶ᠂ ᠵᠠᠯᠠᠨ ᠠᠶᠢᠯ ᠬᠤᠲᠠ ᠶᠢᠨ ᠵᠡᠭᠦᠨ ᠬᠤᠶᠢᠲᠤ ᠶᠢᠨ ᠹᠦ᠋ ᠹᠧᠩ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠧᠨ ᠪᠦ᠋ᠦ ᠬᠠᠷ᠎ᠠ ᠲᠡᠯᠳᠡᠣ ᠶᠢᠨ ᠲᠠᠷᠢᠮᠠᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠢᠶᠠᠨ ᠽᠦᠸᠧ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠮᠧᠩ | ᠳ᠋ᠦᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠶ᠋ᠯ ᠪᠠ ᠠᠵᠤ | ᠠᠬᠤᠶᠢᠯᠠᠯ ᠳᠤ ᠭᠦᠨᠵᠡᠬᠡᠶᠢᠷᠡᠵᠦ᠂ ᠰᠥ᠋ ᠶᠢᠨ ᠦᠢᠯᠡᠰ ᠤᠨ ᠦᠷᠨᠢᠬᠦᠨ ᠭᠦᠭᠵᠢᠯᠲᠡ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠵᠦ ᠪᠤᠯᠪᠠᠰᠤᠷᠠᠭᠤᠯᠬᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠠ᠃ | 4 ᠳ᠋ᠣᠬᠡᠷ ᠰᠠᠷ᠎ᠠ ᠶᠢᠨ 21 ᠠᠴᠠ 22 ᠤᠨ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠪᠤᠭᠤᠲᠤ ᠬᠤᠳᠠ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ | ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠭᠤᠯᠵᠤ᠂ | ᠱᠠᠩᠬᠠᠶ ᠬᠤᠲᠠ ᠪᠠ ᠵᠢᠶᠠᠩᠰᠦ ᠮᠤᠵᠢ ᠳᠤ ᠬᠦᠷᠴᠦ ᠰᠣᠷᠣᠯᠴᠠᠵᠦ ᠰᠢᠨᠵᠢᠯᠡᠨ ᠪᠠᠶᠢᠴᠠᠭᠠᠭᠰᠠᠨ ᠲᠥᠷᠥᠭᠳᠡᠯ ᠢᠶᠠᠨ | ᠰᠣᠯᠢᠯᠴᠠᠨ᠂ ᠪᠤᠭᠤᠲᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠭᠤᠷᠢᠨ | ᠦᠵᠡᠵᠦ᠂ ᠡᠯ᠎ᠡ ᠠᠶᠢᠮᠠᠭ ᠬᠤᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠣᠨ᠂ ᠭᠦᠭᠵᠢᠯᠲᠡ ᠶᠢ ᠰᠦᠪᠡᠭᠴᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ | ᠲᠥᠷᠥᠯ ᠵᠦᠢᠯ ᠢ ᠠᠳᠬᠤᠬᠤ ᠴᠢᠩᠭ᠎ᠠ ᠳᠣᠬᠢᠶ᠎ᠠ ᠶᠢ ᠤᠯᠠᠮ ᠨᠢᠭᠡ ᠠᠯᠬᠤᠮ ᠳᠠᠮᠵᠢᠭᠤᠯᠵᠤ᠂ ᠪᠥᠬᠦ ᠣᠷᠣᠨ | ᠳᠠᠶᠠᠭᠠᠷ ᠤᠨ ᠡᠯ᠎ᠡ ᠲᠠᠯ᠎ᠠ ᠶᠢᠨ ᠬᠢᠨ ᠢ ᠳᠠᠶᠢᠴᠢᠯᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠵᠢᠷ | ᠠᠯᠲᠠᠨ ᠤᠯᠠᠷᠢᠯ ᠢ ᠵᠠᠪᠳᠣᠵᠦ ᠱᠠᠯᠠᠪᠳᠠᠨ ᠭᠦᠳᠡᠯᠦᠯᠴᠡᠵᠦ ᠪᠠᠶᠢᠭᠠᠳ ᠴᠢᠬᠤᠯᠠ ᠶᠡᠭᠡ ᠲᠥᠷᠥᠯ ᠵᠦᠶ᠋ᠯ ᠤᠨ | ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠪᠠᠷ ᠲᠠᠶᠢᠴᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠡᠨ ᠤ ᠡᠷᠬᠢᠯᠡᠭᠴᠢ ᠱᠢ ᠲᠠᠢ ᠹᠧᠡᠭ ᠲᠠᠶᠢᠴᠢᠯᠠᠯᠳᠠ ᠶᠢᠨ ᠶᠡᠭᠡ ᠬᠤᠷᠠᠯ ᠳᠡᠭᠡᠷ᠎ᠡ ᠴᠢᠬᠤᠯᠠ ᠶᠡᠭᠡ ᠲᠦᠷᠦᠯ | ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠢ ᠵᠠᠷᠯᠬᠠᠰᠠᠨ ᠪᠥᠭᠡᠳ ᠰᠠᠭᠤᠳᠠᠯ ᠤᠨ ᠬᠤᠷᠠᠯ ᠳᠡᠭᠡᠷ᠎ᠡ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠮᠧᠩ ᠹᠠᠨ ᠯᠢ᠂ ᠵᠠᠩ ᠶᠤᠸᠠᠨ | ᠵᠦᠩ᠂ ᠠᠢ ᠯᠢ ᠬᠤᠸᠠ᠂ ᠮᠠ ᠰᠢᠤᠸᠠᠢ ᠵᠢᠶᠦ᠋ᠨ ᠲᠣᠰ ᠠᠵᠢᠯᠯᠠᠭ᠎ᠠ ᠳᠤ ᠤᠷᠤᠯᠴᠠᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠣᠰ ᠠᠵᠢᠯᠯᠠᠭ᠎ᠠ ᠶᠢ ᠡᠷᠬᠢᠯᠡᠪᠡ᠃ ᠡᠯ᠎ᠡ ᠠᠶᠢᠮᠠᠭ | ᠬᠤᠲᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠠᠵᠢᠯᠯᠠᠭ᠎ᠠ ᠳᠤ ᠤᠷᠤᠯᠴᠠᠪᠠ᠃ | 4 ᠳ᠋ᠣᠬᠡᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ | ᠤᠳᠤᠷᠢᠳᠬᠤ ᠨᠦᠭᠦᠳ ᠱᠢ ᠲᠠᠢ ᠹᠧᠩ᠂ ᠯᠢ ᠰᠢᠤ ᠯᠢᠩ᠂ ᠯᠢᠨ ᠱᠣᠤ ᠴᠦᠨ᠂ ᠸᠠᠩ ᠯᠢ ᠰᠢᠶᠠ᠂ ᠯᠢᠦ ᠴᠢ ᠹᠠᠨ᠂ | ᠪᠠᠶ ᠢᠤᠶ ᠭᠠᠩ᠂ ᠵᠠᠩ ᠱᠣᠤ ᠴᠦᠨ᠂ ᠳ᠋ᠤᠸᠠᠨ ᡁᠢ ᠴᠢᠶᠠᠩ᠂ ᠮᠠ ᠴᠢᠩ ᠯᠸᠢ ᠨᠠᠷ ᠥᠪᠡᠷᠲᠡᠭᠡᠨ ᠵᠠᠰᠠᠬᠤ | ᠣᠷᠣᠨ ᠤ ᠨᠠᠮ ᠵᠠᠰᠠᠭ ᠴᠡᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ | ᠣᠷᠣᠨ ᠤ ᠲᠥᠪ ᠤᠨ ᠡᠯ᠎ᠡ ᠡᠲᠡᠭᠡᠳ ᠤᠨ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠠ ᠵᠡᠪᠰᠡᠭᠲᠦ ᠴᠬᠠᠳᠠᠭ᠎ᠠ ᠶᠢᠨ ᠥᠪᠥᠷ ᠮᠣᠩᠭᠤᠯ ᠤᠨ | ᠶᠡᠷᠦᠩᠬᠡᠶ ᠠᠩᠭᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠡᠨ ᠤ | ᠮᠤᠵᠢ ᠠᠷᠮᠢ ᠶᠢᠨ ᠲᠡᠰ ᠤᠨ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠤᠪᠴᠢᠶᠡᠨ ᠤ ᠬᠠᠷᠢᠭᠤᠴᠠᠯᠭᠠᠲᠠᠳ ᠵᠢᠴᠢ ᠬᠥᠬᠡᠬᠤᠲᠠ ᠶᠢᠨ ᠺᠠᠳ᠋ᠷ ᠣᠯᠠᠨ ᠲᠦᠮᠡᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠪᠠ᠃ | 4 ᠳ᠋ᠣᠬᠡᠷ ᠰᠠᠷ᠎ᠠ ᠶᠢᠨ 24 ᠤ ᠡᠳᠦᠷ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ | ᠬᠥᠮᠦᠵᠢᠯ ᠴᠡᠭᠴᠡᠯᠡᠯᠲᠡ ᠶᠢᠨ ᠳᠤᠬᠢᠷᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ | ᠱᠦᠵᠢ ᠯᠢᠨ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠡᠨ ᠤ ᠱᠦᠵᠢ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ | ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ | ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠡᠨ ᠤ | ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠭᠰᠠᠨ ᠪᠥᠭᠡᠳ ᠡᠯ᠎ᠡ ᠰᠢᠰᠲ᠋ᠧᠮ ᠤᠨ ᠬᠥᠮᠦᠵᠢᠯ | ᠴᠡᠭᠴᠡᠯᠡᠯᠲᠡ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠲᠥᠪ ᠤᠨ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠲᠣᠰ ᠬᠤᠷᠠᠯ ᠳᠤ ᠤᠷᠤᠯᠴᠠᠵᠦ ᠵᠢᠭᠠᠨ ᠵᠢᠯᠣᠭᠤᠳᠪᠠ᠃ | 4 ᠳ᠋ᠣᠬᠡᠷ ᠰᠠᠷ᠎ᠠ ᠶᠢᠨ 25 ᠤ ᠡᠳᠦᠷ ᠪᠦᠬᠦ ᠣᠷᠣᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠲᠠᠷᠢᠬᠤ ᠶᠢ ᠠᠬᠢᠭᠤᠯᠬᠤ ᠠᠵᠢᠯ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠣᠳᠣ ᠬᠤᠷᠠᠯ ᠬᠥᠬᠡᠬᠤᠲᠠ ᠳᠤ ᠬᠤᠷᠠᠯᠳᠤᠵᠤ᠂ ᠪᠦᠬᠦ | ᠣᠷᠣᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠰᠢᠨ᠎ᠡ | ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ | ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ | ᠬᠤᠶ ᠲᠣᠰ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | 4 ᠳ᠋ᠣᠬᠡᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠬᠢᠬᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ | ᠠᠬᠤᠢ ᠣᠷᠴᠢᠨ ᠲᠣᠭᠤᠷᠢᠨ ᠤ ᠰᠣᠳᠣᠯᠣᠯ ᠤᠨ ᠲᠥᠪ ᠪᠡᠭᠡᠵᠢᠩ ᠳᠤ ︽ᠥᠪᠥᠷ ᠮᠣᠩᠭᠤᠯ ᠤᠨ ᠠᠮᠢ ᠠᠬᠤᠢ ᠶᠢᠨ | ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢᠨ ᠰᠣᠳᠣᠯᠣᠯ︾ ᠤᠨ ᠲᠦᠷᠦᠯ ᠵᠦᠢᠯ ᠢ ᠬᠠᠮᠳᠣ ᠪᠠᠷ | ᠭᠡᠷᠡᠭᠵᠢᠬᠦᠯᠬᠦ ᠬᠠᠮᠳᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠠᠩ ᠶᠠ ᠫᠢᠩ ᠲᠤᠰ ᠠᠵᠢᠯᠯᠠᠭ᠎ᠠ ᠳᠤ | ᠣᠷᠣᠯᠴᠠᠭᠰᠠᠨ ᠪᠥᠭᠡᠳ ᠵᠦᠪᠯᠡᠯᠴᠡᠬᠡᠷ ᠲᠤᠬᠢᠷᠠᠯᠴᠬᠠᠰᠠᠨ ᠢ ᠬᠡᠷᠡᠴᠢᠯᠡᠪᠡ᠃ | 4 ᠳ᠋ᠣᠬᠡᠷ ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠤᠷᠢᠳ ᠬᠤᠵᠢᠳ ᠡᠷᠢᠶᠡᠨ ᠬᠤᠲᠠ᠂ | ᠤᠯᠠᠭᠠᠨᠴᠠᠪ ᠬᠤᠲᠠ ᠳᠤ ᠭᠦᠨᠵᠡᠭᠡᠶᠢᠷᠡᠵᠦ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠭᠦᠭᠦᠷᠬᠡᠨ ᠪᠠᠬᠢᠯᠡᠯᠲᠡ ᠶᠢ | ᠪᠠᠶᠢᠭᠤᠯᠬᠤ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠪᠠ | ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠨᠨᠳᠠᠭᠠᠵᠦ ᠦᠭᠭᠦᠭᠰᠡᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠨ᠂ ᠥᠨᠳᠥᠷ ᠲᠤ | ᠵᠣᠭᠰᠣᠨ ᠠᠯᠤᠰ ᠢ ᠪᠠᠷᠠᠯᠠᠵᠦ ᠭᠦᠨ ᠰᠡᠳᠬᠢᠵᠦ ᠪᠣᠳᠠᠲᠠᠢ ᠠᠳᠬᠤᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠴᠢᠩᠭᠠᠳᠬᠠᠵᠤ᠂ ᠭᠤᠣᠯ ᠰᠢᠪᠲᠤᠯᠤᠯᠲᠠ ᠶᠢᠨ ᠴᠢᠭᠯᠡᠯ ᠢ ᠣᠨᠣᠪᠴᠢᠲᠠᠢ ᠣᠯᠵᠤ᠂ ᠤᠯᠠᠮ ᠥᠨᠳᠥᠷ | ᠵᠣᠭᠰᠣᠴᠠ ᠤᠯᠠᠮ ᠥᠷᠭᠡᠨ ᠬᠠᠷᠠᠭᠠᠰᠤ ᠤᠯᠠᠮ ᠴᠢᠩᠭ᠎ᠠ ᠡᠷᠴᠢᠮ ᠢᠶᠠᠷ ᠤᠮᠠᠷᠠᠰᠢ ᠨᠡᠬᠡᠬᠡᠯᠳᠡ ᠬᠢᠬᠦ ᠶᠢ ᠲᠥᠰᠦᠪᠯᠡᠨ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠶ ᠯᠢ ᠬᠤᠸᠠ᠂ | ᠬᠤᠸᠠᠩ ᡁᠢ ᠴᠢᠶᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ | ᠠᠵᠢᠯᠯᠠᠭ᠎ᠠ ᠳᠤ ᠣᠷᠣᠯᠴᠠᠪᠠ᠃ | 4 ᠳ᠋ᠣᠬᠡᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠬᠤᠪᠢ ᠪᠠᠷ ᠢᠶᠠᠨ ᠰᠤᠷᠤᠯᠴᠠᠬᠤ ᠪᠠ ᠬᠠᠪᠰᠤᠷᠤᠨ | ᠵᠢᠯᠤᠭᠤᠳᠴᠤ ᠲᠠᠶᠢᠯᠤᠮᠵᠢ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ᠃ 4 ᠳ᠋ᠣᠬᠡᠷ ᠰᠠᠷ᠎ᠠ ᠶᠢᠨ 29 ᠤ ᠡᠳᠦᠷ᠂ | ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ | ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠤᠯᠭᠤᠷ ᠪᠢᠴᠢᠭ ᠰᠤᠳᠤᠯᠬᠤ ᠲᠠᠰᠤᠭ ᠤᠨ ᠤᠤᠯ ᠤᠨ ᠪᠠᠶᠢᠩᠭᠤ ᠶᠢᠨ ᠳᠡᠳ᠋ | ᠡᠷᠬᠢᠯᠡᠭᠴᠢ ᠶᠠᠩ ᠱᠧᠩ ᠴᠢᠶᠦ᠋ᠨ ᠢ ᠤᠷᠢᠵᠤ ᠬᠠᠪᠰᠤᠷᠤᠨ ᠵᠢᠯᠤᠭᠤᠳᠤᠭᠤᠯᠵᠦ ᠲᠠᠶᠢᠯᠤᠮᠵᠢ ᠬᠢᠯᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ | ᠱᠦᠵᠢ ᠵᠠᠩ ᠱᠤᠤ ᠴᠦᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠦᠬᠡᠳ ᠳ᠋ᠦᠩᠨᠡᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠪᠣᠯᠬᠤ | ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠢ ᠪᠠᠶᠢᠭᠤᠯᠤᠨᠨᠰᠠᠨ ᠪᠠᠶᠢᠭᠤᠯᠤᠮᠵᠢ᠂ ᠰᠢᠭᠤᠳ ᠬᠠᠷᠢᠶ᠎ᠠ | ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠳ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃ | 4 ᠳ᠋ᠣᠬᠡᠷ ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ︽5 . 1︾ ᠤ ᠳᠡᠯᠡᠬᠡᠢ ᠶᠢᠨ | ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠱᠠᠩᠨᠠᠯ ᠤᠯᠭᠤᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠪᠢᠴᠢᠭ᠂ ᠱᠠᠩᠨᠠᠯ ᠤᠨ | ᠮᠧᠳᠡᠯ᠂ ᠠᠵᠢᠯᠴᠢᠨ ᠤ ᠬᠤᠰᠢᠭᠤᠴᠢ ᠴᠤᠯᠡ ᠭᠥᠷᠳᠡᠭᠰᠡᠨ ᠲᠡᠷᠢᠭᠦᠨ ᠤ ᠬᠠᠮᠲᠤ ᠪᠠ ᠬᠤᠪᠢ ᠬᠥᠮᠦᠨ ᠢ ᠬᠥᠬᠢᠭᠦᠯᠦᠨ | ᠰᠠᠶᠢᠰᠢᠶᠠᠪᠠ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ | ᠡᠷᠬᠢᠯᠡᠭᠴᠢ ᠱᠢ ᠲᠠᠢ ᠹᠧᠩ ᠭᠦᠬᠢᠭᠦᠯᠦᠨ ᠰᠠᠶᠢᠰᠢᠶᠠᠬᠳᠠᠬᠰᠠᠨ ᠲᠥᠯᠥᠭᠡᠯᠡᠭᠴᠢᠳ ᠲᠠᠢ ᠬᠠᠮᠲᠤ ᠰᠡᠭᠦᠳᠡᠷ | ᠠᠪᠣᠭᠤᠯᠵᠦ ᠳᠤᠷᠠᠰᠬᠠᠯ ᠦᠯᠡᠳᠡᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ ᠤᠯᠠᠨ ᠲᠠᠢ ᠬᠠᠮᠲᠤ ᠰᠡᠭᠦᠳᠡᠷ | ᠠᠪᠤᠨᠨᠰᠠᠨ ᠪᠥᠭᠡᠳ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠲᠠᠢ ᠬᠠᠮᠲᠤ ᠰᠡᠭᠦᠳᠡᠷ ᠠᠪᠣᠪᠠ᠃ ᠥᠪᠡᠷᠲᠡᠭᠡᠨ | ᠵᠠᠰᠠᠬᠤ ᠣᠷᠣᠨ ᠤ ᠤᠳᠤᠷᠢᠳᠤᠯᠭ᠎ᠠ ᠾᠧ ᠶᠠᠨ ᠯᠢᠩ᠂ ᠠᠢ ᠯᠢ ᠬᠤᠸᠠ᠂ ᠳ᠋ᠦᠩ ᠾᠧᠡᠭ ᠢᠤᠢ ᠤᠯᠠᠨ ᠲᠠᠢ | ᠬᠠᠮᠲᠤ ᠰᠡᠭᠦᠳᠡᠷ ᠠᠪᠤᠨᠨᠰᠠᠨ ᠪᠥᠭᠡᠳ ᠶᠡᠭᠡ ᠬᠤᠷᠠᠯ ᠳᠤ ᠤᠷᠤᠯᠴᠠᠪᠠ᠃ | ᠪᠦᠬᠦ ᠣᠷᠣᠨ ᠤ ᠲᠤᠭᠠᠵᠢᠯᠳᠤ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠬᠥᠬᠡᠬᠤᠲᠠ ᠳᠤ | ᠬᠤᠷᠠᠯᠳᠤᠪᠠ᠃ ᠬᠤᠷᠠᠯ ᠠᠴᠠ ᠲᠤᠭᠠᠵᠢᠯᠳᠤ ᠠᠵᠤ ᠠᠬᠤᠶ ᠶᠢ ᠬᠥᠭᠵᠢᠭᠦᠯᠬᠦ ᠲᠤᠬᠠᠶ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠥᠭᠦᠯᠡᠯᠲᠡ ᠪᠠ ᠲᠤᠭᠠᠵᠢᠯᠳᠤ ᠬᠥᠭᠵᠢᠯᠲᠡ ᠶᠢ ᠲᠦᠷᠭᠡᠳᠬᠡᠬᠦ ᠲᠤᠬᠠᠶ ᠨᠠᠮ ᠤᠨ ᠲᠥᠪ | ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ | ᠣᠷᠣᠨ ᠳᠠᠶᠠᠭᠠᠷ ᠢᠶᠠᠨ ᠲᠤᠭᠠᠵᠢᠯᠳᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠠᠨᠳᠤᠰᠢ ᠳᠤ ᠵᠤᠬᠢᠴᠠᠨ᠂ | ᠲᠤᠭᠠᠵᠢᠯᠳᠤ ᠮᠡᠷᠭᠡᠵᠢᠯ ᠤᠨ ᠬᠤᠪᠢᠰᠤᠯᠲᠠ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠲᠤᠭᠠᠵᠢᠯᠳᠤ ᠠᠵᠤ | ᠠᠬᠤᠶ ᠶᠢᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠡᠭᠦᠳᠴᠣ᠂ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠪᠠᠷ ᠬᠥᠲᠥᠯᠥᠨ᠂ ᠥᠪᠡᠷᠲᠡᠭᠡᠨ ᠵᠠᠰᠠᠬᠤ | ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠶᠢᠨ ᠡᠬᠢᠯᠡᠯᠲᠡ ᠲᠠᠢ ᠪᠣᠯᠬᠤ ᠶᠢ | ᠠᠬᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠠ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠠᠯ᠎ᠠ ᠪᠠᠷ | ᠰᠢᠨ᠎ᠡ ᠰᠢᠪᠲᠤᠯᠤᠯᠲᠠ ᠶᠢ ᠰᠦᠪᠡᠭᠴᠢᠯᠡᠬᠦ ᠳᠠᠶᠢᠴᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠡᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ | ᠪᠠᠢ ᠢᠤᠢ ᠭᠠᠩ᠂ ᠵᠠᠩ ᠱᠤᠤ ᠴᠦᠨ᠂ ᠠᠢ ᠯᠢ ᠬᠤᠸᠠ᠂ ᠵᠧᠩ ᠬᠤᠩ ᠹᠠᠨ᠂ ᠾᠧᠡᠭ ᠰᠢᠶᠤᠤ ᠹᠠᠨ ᠬᠤᠷᠠᠯ ᠳᠤ | ᠣᠷᠣᠯᠴᠠᠪᠠ᠃ ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠭᠤᠣᠯ ᠬᠠᠷᠢᠭᠤᠴᠠᠯᠭᠠᠳᠠᠳ᠂ ᠦᠪᠦᠷ ᠮᠣᠩᠭᠤᠯ ᠤᠨ ᠰᠠᠨᠰᠠᠷ ᠤᠨ ᠠᠶᠠᠯᠠᠯ ᠤᠨ ᠡᠭᠦᠯᠡᠨ ᠰᠦᠯᠵᠢᠶ᠎ᠡ ᠶᠢᠨ ᠰᠢᠨᠵᠢᠯᠡᠬᠦ | ᠤᠬᠠᠭ᠎ᠠ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠳ ᠲᠤᠰ ᠲᠤᠰ ᠦᠭᠡ ᠬᠡᠯᠡᠪᠡ᠃ ᠬᠤᠷᠠᠯ ᠢ ᠸᠢᠳᠢᠣ᠋ ᠶᠢᠨ | ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃ |