5 ᠳ᠋ᠤᠭᠠᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠠᠮᠠᠷᠠᠵᠤ ᠪᠠᠶᠢᠭ᠎ᠠ ᠴᠠᠭ ᠢᠶᠠᠨ ᠠᠰᠢᠭᠯᠠᠨ ᠬᠥᠬᠡᠬᠤᠲᠠ ᠶᠢᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠳᠠᠯᠳᠠᠭᠤᠷ ᠰᠤᠷᠪᠤᠯᠵᠢᠯᠠᠵᠤ᠂ ᠪᠥᠬᠦ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠢ ᠪᠠᠶᠢᠴᠠᠭᠠᠵᠤ᠂ ᠪᠥᠬᠦ ᠣᠷᠣᠨ ᠤ ᠥᠷᠭᠡᠨ ᠣᠯᠠᠨ | ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ ᠢᠶᠠᠨ ᠳᠡᠪᠰᠢᠭᠦᠯᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠥᠬᠡᠬᠤᠲᠠ ᠶᠢᠨ ᠴᠡᠯᠡᠭᠡᠷ ᠲᠠᠯ᠎ᠠ | ᠨᠤᠲᠤᠭ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠲᠠᠪᠤᠨ | ᠰᠠᠷ᠎ᠠ ᠶᠢᠨ ᠨᠢᠭᠡᠨ ᠤ ᠬᠤᠭᠤᠴᠠᠭᠠᠨ ᠳᠠᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯ ᠦᠭᠡᠢ | ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠵᠢᠯᠣᠭᠤᠳᠬᠤ ᠳᠤ ᠪᠠᠨ᠂ | ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠮᠵᠢ ᠶᠢᠨ ᠣᠷᠣᠨ ᠤ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠣᠯᠠᠨ ᠲᠦᠮᠡᠨ ᠤ ᠪᠠᠶᠠᠷ ᠬᠥᠷ ᠲᠠᠢ᠂ ᠥᠯᠵᠡᠶ ᠪᠡᠯᠭᠡ ᠲᠠᠢ᠂ | ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠨᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | 5 ᠳ᠋ᠤᠭᠠᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠭᠦᠨᠵᠡᠭᠡᠶᠢᠷᠡᠨ᠂ ᠪᠦᠬᠦ ᠣᠷᠣᠨ ᠤ ᠶᠡᠭᠡ | ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠵᠦ᠂ ᠥᠷᠭᠡᠨ ᠤᠯᠠᠨ ᠪᠠᠭᠰᠢ ᠰᠤᠷᠤᠭᠴᠢᠳ ᠲᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠭᠤᠨ ᠵᠢᠯ ᠤᠨ | ᠨᠠᠮ ᠤᠨ ᠲᠡᠦᠬᠡ ᠠᠴᠠ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ ᠬᠤᠪᠢᠰᠬᠠᠯ ᠤᠨ ᠭᠤᠯᠤᠮᠲᠠ ᠶᠢ ᠤᠯᠠᠮᠵᠢᠯᠠᠵᠤ᠂ | ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠰᠢᠨ᠎ᠡ ᠴᠠᠭ ᠦᠶ᠎ᠡ ᠶᠢᠨ | ᠵᠠᠯᠠᠭᠤ ᠨᠠᠰᠤᠨ ᠤ ᠳᠠᠭᠤᠯᠠᠯ ᠢ ᠴᠢᠪᠬᠠᠳᠠᠰᠤᠭᠠᠢ ᠭᠡᠵᠦ ᠵᠠᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠤᠢ ᠭᠠᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠦᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠠ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠰᠠᠭᠤᠭ᠎ᠠ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠳᠡᠳ᠋ | ᠳᠠᠷᠤᠭ᠎ᠠ᠂ ᠬᠥᠬᠡᠬᠤᠲᠠ ᠳᠠᠬᠢ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠲᠤᠰ | ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠠᠬᠢ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠶᠢᠨ 570 ᠰᠢᠬᠠᠮ ᠬᠥᠮᠦᠨ ᠮᠡᠳᠡᠭᠦᠯᠦᠯᠲᠡ ᠶᠢ | ᠰᠤᠨᠤᠰᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠦᠪᠳᠡᠭᠴᠢ ᠶᠢ ᠤᠷᠢᠨ ᠲᠣᠮᠢᠯᠠᠬᠤ ᠶᠣᠰᠣᠯᠠᠯ | ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠨ ᠲᠤᠮᠢᠯᠠᠬᠤ ᠶᠣᠰᠣᠯᠠᠯ ᠳᠤ ᠣᠷᠣᠯᠴᠠᠭᠰᠠᠨ | ᠪᠥᠭᠡᠳ ᠶᠢᠨ ᠰᠦ᠋ ᠫᠢᠩ᠂ ᠯᠢᠦ ᠵᠠᠨ ᠵᠢᠩ᠂ ᠰᠢᠩ ᠶᠦᠩ ᠮᠢᠩ᠂ ᠯᠢ ᠭᠤᠸᠠᠩ ᠫᠧᠩ᠂ ᠮᠧᠩ ᠰᠢᠶᠠᠨ ᠪᠥᠸᠧ᠂ | ᠮᠦᠡᠭᠬᠡ᠂ ᠰᠦ᠋ ᠶᠢᠨ ᠬᠤᠸᠠ᠂ ᠮᠠ ᠯᠢᠨ ᠵᠡᠷᠭᠡ ᠰᠢᠨ᠎ᠡ ᠪᠠᠷ ᠤᠷᠢᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ 8 ᠵᠦᠪᠳᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠦᠪᠳᠡᠭᠴᠢ ᠶᠢᠨ ᠲᠠᠰᠤᠭ ᠤᠨ ᠡᠷᠬᠢᠯᠡᠭᠴᠢ ᠲᠢᠶᠠᠨ ᠳ᠋ᠧ ᡁᠢ ᠤᠷᠢᠨ ᠲᠣᠮᠢᠯᠠᠬᠤ | ᠶᠣᠰᠣᠯᠠᠯ ᠢ ᠡᠷᠬᠢᠯᠡᠵᠦ᠂ ᠶᠢᠨ ᠰᠦ᠋ ᠫᠢᠩ ᠰᠢᠨ᠎ᠡ ᠪᠠᠷ ᠤᠷᠢᠭᠳᠠᠭᠰᠠᠨ ᠵᠦᠪᠳᠡᠭᠴᠢ ᠶᠢᠨ ᠡᠮᠦᠨ᠎ᠡ ᠠᠴᠠ ᠦᠭᠡ ᠬᠡᠯᠡᠪᠡ᠃ | ᠲᠤᠰᠢᠶᠠᠯ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠠᠷᠢᠭᠤᠴᠠᠯᠭᠠᠲᠠᠳ ᠤᠷᠢᠨ ᠲᠣᠮᠢᠯᠠᠬᠤ | ᠶᠤᠰᠤᠯᠠᠯ ᠳᠤ ᠣᠷᠤᠯᠴᠠᠪᠠ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠪᠥᠬᠦ ᠣᠷᠣᠨ ᠤ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠲᠦᠷᠦᠭᠦᠴᠢ ᠶᠢᠨ ᠨᠢᠭᠡ | ᠬᠡᠰᠡᠭ ᠬᠤᠭᠤᠴᠠᠭᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠭᠰᠠᠨ ᠠᠵᠢᠯ ᠢ ᠳ᠋ᠦᠩᠨᠡᠵᠦ᠂ | ᠲᠠᠷᠠᠭᠠᠴᠢ ᠶᠢᠨ ᠠᠯᠬᠤᠮ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ | ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳᠤ | ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ ᠴᠠᠭ ᠠᠭᠤᠷ ᠤᠨ | ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠬᠥᠮᠦᠨ ᠤ ᠬᠦᠴᠦ ᠪᠠᠷ ᠴᠠᠭ ᠠᠭᠠᠷ ᠢ | ᠨᠥᠯᠥᠭᠡᠯᠡᠬᠦ ᠠᠵᠢᠯ ᠤᠨ ᠬᠤᠷᠠᠯ ᠬᠤᠷᠠᠯᠳᠤᠭᠤᠯᠵᠤ᠂ ︽ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ᠢ ᠤᠯᠠᠮᠵᠢᠯᠠᠨ ᠲᠤᠭᠤᠰᠢᠯᠠᠭᠤᠯᠵᠤ᠂ ᠪᠥᠬᠦ ᠵᠢᠯ ᠤᠨ ᠬᠥᠮᠦᠨ ᠤ ᠬᠦᠴᠦ ᠪᠠᠷ ᠴᠠᠭ ᠠᠭᠠᠷ ᠢ | ᠨᠥᠯᠥᠭᠡᠯᠡᠬᠦ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦ ᠪᠠᠷ ᠴᠠᠭ ᠠᠭᠠᠷ ᠢ ᠨᠥᠯᠥᠭᠡᠯᠡᠬᠦ ᠪᠠ | ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ | ᠵᠢᠯᠣᠭᠤᠳᠣᠭᠴᠢ ᠯᠢ ᠪᠢᠩ ᠷᠦᠩ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ | ᠪᠦᠬᠦ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠧᠯᠸᠢᠰ ᠤᠲᠠᠰᠤᠲᠤ | ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ | ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠪᠠ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢᠶᠠᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠤᠢ ᠭᠠᠩ ᠬᠤᠷᠠᠯ ᠳᠤ | ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ | ᠹᠠᠨ ᠲᠤᠰ ᠬᠤᠷᠠᠯ ᠢ ᠡᠷᠭᠢᠯᠡᠪᠡ᠃ | 5 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 74 ᠳ᠋ᠦ᠋ᠭᠡᠷ | ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ ᠢ ᠳᠤᠷᠠᠰᠬᠠᠬᠤ ᠬᠢᠭᠡᠳ ᠪᠥᠬᠦ ᠣᠷᠣᠨ ᠤ ︽ᠲᠦᠭᠡᠮᠡᠯ ᠬᠠᠶᠢᠷ᠎ᠠ ᠶᠢᠨ | ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ | ᠳᠠᠷᠤᠭ᠎ᠠ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ᠂ ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠴᠧᠨ ᠵᠦ ᠲᠤᠰ ᠬᠤᠷᠠᠯ ᠳᠤ ᠣᠷᠤᠯᠴᠠᠭᠰᠠᠨ | ᠪᠦᠭᠡᠳ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ | ᠢᠤᠢ ᠹᠦ᠋ ᠯᠦᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠯᠢᠶᠠᠨ ᠰᠥ᠂ ᠴᠢ᠊ | ᠪᠠᠲᠤ ᠬᠤᠷᠠᠯ ᠳᠤ ᠣᠷᠣᠯᠴᠠᠪᠠ᠃ ᠥᠪᠥᠷ ᠮᠣᠩᠭᠤᠯ ᠳᠤ ᠪᠠᠶᠢᠭᠰᠠᠨ ᠬᠤᠭᠤᠴᠠᠭᠠᠨ ᠳᠤ ᠪᠠᠨ᠂ ᠴᠧᠨ ᠵᠦ ᠨᠠᠷ ᠪᠠᠰᠠ | ᠤᠷᠢᠳ ᠬᠤᠵᠢᠳ ᠤᠷᠳᠤᠰ ᠬᠤᠳᠠ᠂ ᠪᠤᠭᠤᠲᠤ ᠬᠤᠳᠠ ᠵᠢᠴᠢ ᠬᠥᠬᠡᠬᠤᠲᠠ ᠳᠤ ᠭᠦᠨᠵᠡᠭᠡᠶᠢᠷᠡᠨ ᠤᠯᠠᠭᠠᠨ | ᠵᠠᠭᠠᠯᠮᠠᠶᠢᠲᠠᠨ ᠤ ᠠᠵᠢᠯ ᠢ ᠪᠠᠶᠢᠴᠠᠭᠠᠨ ᠰᠤᠳᠤᠯᠵᠤ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ | ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠬᠤᠷᠢᠶ᠎ᠡ ᠳᠤ ᠭᠦᠨᠵᠡᠭᠡᠶᠢᠷᠡᠨ ᠠᠵᠢᠯ ᠤᠨ ᠲᠠᠯ᠎ᠠ ᠪᠠᠷ ᠵᠢᠭᠠᠨ | ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦ᠋ ᠰᠢᠶᠤᠤ ᠯᠢᠨ᠂ ᠸᠠᠩ ᠯᠢ ᠰᠢᠶᠠ᠂ ᠮᠧᠩ | ᠹᠠᠨ ᠯᠢ᠂ ᠳ᠋ᠤᠸᠠᠨ ᡁᠢ ᠴᠢᠶᠠᠩ᠂ ᠯᠢᠶᠠᠨ ᠰᠦ᠋᠂ ᠴᠢ᠊ ᠪᠠᠲᠤ ᠲᠤᠰ ᠲᠤᠰ ᠪᠠᠷ᠎ᠠ ᠪᠤᠯᠵᠤ ᠪᠠᠶᠢᠴᠠᠭᠠᠨ ᠰᠤᠳᠤᠯᠤᠯᠲᠠ | ᠬᠢᠪᠡ᠃ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠦᠷ ᠲᠦᠪᠰᠢᠨ ᠤ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠦᠷ ᠲᠦᠪᠰᠢᠨ ᠤ ᠠᠵᠢᠯ ᠤᠨ ᠲᠣᠬᠠᠢ | ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠪ ᠤᠨ ᠬᠤᠯᠪᠣᠭᠳᠠᠯ ᠪᠦᠬᠦᠢ ᠬᠤᠷᠠᠯ | ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠤᠨᠤᠰᠴᠤ᠂ ᠣᠳᠣᠬᠠᠨ ᠳᠠᠬᠢ ᠮᠠᠨ ᠤ ᠣᠷᠣᠨ ᠤ ᠤᠯᠤᠰ ᠤᠨ ᠠᠮᠦᠷ ᠲᠦᠪᠰᠢᠨ ᠤ | ᠪᠠᠶᠢᠳᠠᠯ ᠢ ᠵᠠᠳᠠᠯᠤᠨ᠂ ᠳᠠᠷᠠᠭᠠᠴᠢ ᠶᠢᠨ ᠠᠯᠬᠤᠮ ᠳᠠᠬᠢ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠦᠷ ᠲᠦᠪᠰᠢᠨ ᠤ ᠬᠤᠷᠢᠶᠠᠨ ᠤ ᠡᠷᠬᠢᠯᠡᠭᠴᠢ | ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠯᠤᠰ ᠤᠨ ᠠᠮᠦᠷ ᠲᠦᠪᠰᠢᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠪᠠᠢ ᠢᠤᠢ ᠭᠠᠩ᠂ | ᠵᠠᠩ ᠱᠤᠤ ᠴᠦᠨ᠂ ᠳ᠋ᠤᠸᠠᠨ ᡁᠢ ᠴᠢᠶᠠᠩ᠂ ᠮᠠ ᠴᠢᠩ ᠯᠸᠢ᠂ ᠠᠢ ᠯᠢ ᠬᠤᠸᠠ ᠪᠠ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠦᠷ ᠲᠦᠪᠰᠢᠨ ᠤ ᠬᠤᠷᠢᠶᠠᠨ ᠤ ᠭᠡᠰᠢᠭᠦᠳ ᠬᠤᠷᠠᠯ ᠳᠤ | ᠣᠷᠤᠯᠴᠠᠪᠠ᠃ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠪᠠ᠃ | | ᠪᠦᠬᠦ ᠣᠷᠣᠨ ᠤ ᠲᠤᠭ᠎ᠠ ᠪᠦᠷᠢᠳᠭᠡᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠧᠯᠸᠢᠰ ᠤᠲᠠᠰᠤᠲᠤ ᠬᠤᠷᠠᠯ ᠬᠦᠬᠡᠬᠤᠲᠠ ᠳᠤ ᠬᠤᠷᠠᠯᠳᠤᠪᠠ᠃ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠤᠯᠴᠠᠭᠰᠠᠨ | ᠪᠦᠭᠡᠳ ᠶᠠᠷᠢᠶ᠎ᠠ ᠲᠠᠯᠪᠢᠪᠠ᠃ | 5 ᠳ᠋ᠤᠭᠠᠷ ᠰᠠᠷ᠎ᠠ ᠶᠢᠨ 10 ᠤ ᠡᠳᠦᠷ 2021 ᠣᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ | ᠬᠤᠨᠳᠠᠭᠠᠲᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ ᠬᠢᠭᠡᠳ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠶ | ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠯ ᠪᠦᠮᠪᠦᠭᠡ ᠶᠢᠨ | ᠳᠡᠭᠡᠳᠦ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ | ᠬᠤᠩ ᠹᠠᠨ ᠲᠤᠰ ᠠᠵᠢᠯᠯᠠᠭ᠎ᠠ ᠳᠤ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠭᠰᠡᠨ ᠢ ᠵᠠᠷᠯᠠᠪᠠ᠃ | ᠥᠪᠥᠷ ᠮᠣᠩᠭᠤᠯ ᠤᠨ ᠳ᠋ᠠ ᠵᠥᠩ ᠠᠭᠤᠷᠬᠠᠶ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ︵ᠲᠡᠮᠳᠡᠭᠲᠦ ᠶᠢᠨ ᠣᠷᠣᠯᠠᠬᠤ ᠨᠣᠮᠧᠷ 001203︶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ | ᠭᠠᠵᠠᠷ ᠤᠨ A ᠰᠲ᠋ᠣᠺ ᠤᠨ ᠵᠠᠬ᠎ᠠ ᠳᠡᠯᠭᠡᠭᠦᠷ ᠲᠤ ᠵᠢᠩᠬᠢᠨᠢ ᠪᠠᠷ ᠫᠠᠶᠢᠰᠠ ᠡᠯᠭᠦᠨ ᠠᠷᠠᠯᠵᠢᠶᠠᠯᠠᠬᠤ ᠵᠠᠬ᠎ᠠ | ᠳᠡᠯᠭᠡᠭᠦᠷ ᠲᠤ ᠭᠠᠷᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠩᠬᠤ | ᠴᠣᠬᠢᠬᠤ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ | 5 ᠳ᠋ᠤᠭᠠᠷ ᠰᠠᠷ᠎ᠠ ᠶᠢᠨ 10 ᠤ ᠡᠳᠦᠷ ᠠᠴᠠ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠯᠠᠭᠠᠨᠬᠠᠳᠠ ᠬᠤᠳᠠ᠂ ᠲᠦᠩᠯᠢᠶᠣᠤ ᠬᠤᠳᠠ ᠳᠤ | ᠭᠦᠨᠵᠡᠭᠡᠶᠢᠷᠡᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠰᠠᠭᠤᠳᠠᠯ ᠤᠨ | ᠬᠤᠷᠠᠯ ᠢ ᠡᠷᠬᠢᠯᠡᠨ ᠬᠤᠷᠠᠯᠳᠤᠭᠤᠯᠵᠤ ᠵᠡᠭᠦᠨ ᠬᠡᠰᠡᠭ ᠤᠨ ᠲᠠᠪᠤᠨ ᠠᠶᠢᠮᠠᠭ ᠬᠤᠳᠠ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠪᠠᠲᠤᠳᠬᠠᠵᠤ᠂ ᠭᠤᠣᠯ ᠰᠢᠪᠲᠤᠯᠤᠯᠲᠠ ᠶᠢᠨ ᠴᠢᠭᠯᠡᠯ ᠢᠶᠠᠨ | ᠣᠨᠣᠪᠴᠢᠲᠠᠢ ᠣᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ | ᠱᠦᠵᠢ ᠮᠧᠩ ᠰᠢᠶᠠᠨ ᠳ᠋ᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ | ᠠᠵᠢᠯᠯᠠᠭ᠎ᠠ ᠳᠤ ᠣᠷᠣᠯᠴᠠᠪᠠ᠃ | 5 ᠳ᠋ᠤᠭᠠᠷ ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠬᠢᠭᠡᠳ ᠵᠧᠩᠵᠧᠤ ᠶᠢᠨ ᠲᠠᠸᠠᠷ ᠤᠨ ᠠᠷᠠᠯᠵᠢᠶᠠᠨ ᠤ ᠭᠠᠵᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠰᠠᠨᠠᠭᠤᠯᠤᠮᠵᠢ ᠳᠤ ᠭᠠᠷ ᠤᠨ ᠥᠰᠥᠭ ᠵᠢᠷᠤᠵᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠤᠤᠰ ᠴᠢᠭᠯᠡᠯ ᠢᠶᠠᠷ ᠡᠷᠴᠢᠮ ᠢᠶᠠᠨ ᠴᠢᠩᠭᠠᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠲᠤᠷᠠᠯᠴᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠂ ᠬᠤᠭᠤᠴᠠᠭᠠᠲᠤ ᠪᠠᠷᠠᠭᠠᠨ ᠤ ᠪᠠᠭᠠᠵᠢ ᠶᠢ ᠠᠰᠢᠭᠯᠠᠨ ᠪᠤᠳᠠᠳᠤ ᠴᠤᠭᠴᠠ ᠶᠢᠨ | ᠠᠵᠤ ᠠᠬᠤᠢ ᠳᠤ ᠦᠢᠯᠡᠴᠢᠯᠡᠬᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | 5 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠬᠤᠯᠪᠣᠭᠳᠠᠯ | ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠵᠡᠷᠭᠡ ᠵᠦᠢᠯᠡᠰ ᠢ | ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠲᠤᠰ ᠬᠤᠷᠠᠯ ᠢ ᠡᠷᠭᠢᠯᠡᠪᠡ᠃ ᠬᠤᠷᠠᠯ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ︵ᠡᠬᠡ ᠨᠤᠤᠷᠠᠭ︶︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | 5 ᠳ᠋ᠤᠭᠠᠷ ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠵᠧᠩ ᠲᠠᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠨᠠᠨ | ᠼᠦᠨ ᠬᠤᠶ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠠᠭᠤᠯᠵᠠᠯᠲᠠ ᠳᠤ | ᠣᠷᠣᠯᠴᠠᠪᠠ᠃ 5 ᠳ᠋ᠤᠭᠠᠷ ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠣᠶᠢᠯᠠᠭᠠᠵᠤ᠂ ᠨᠡᠶᠢᠭᠡᠮ ᠵᠢᠷᠤᠮ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠴᠠᠭ ᠦᠶ᠎ᠡ᠂ | ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠴᠠᠭ ᠦᠶ᠎ᠡ ᠶᠢᠨ ᠨᠠᠮ ᠤᠨ ᠲᠡᠦᠬᠡ ᠶᠢᠨ ᠲᠣᠭᠤᠷᠢᠨ ᠳᠤ ᠰᠤᠷᠤᠯᠴᠠᠨ | ᠰᠤᠳᠤᠯᠵᠤ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ | ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠬᠤᠷᠠᠯ ᠠᠴᠠ ᠡᠮᠦᠨ᠎ᠡ᠂ ᠭᠤᠣᠯ | ᠳᠤᠭᠤᠶᠢᠯᠠᠩ ᠤᠨ ᠪᠦᠷᠢᠯᠳᠦᠬᠦᠨ ᠨᠡᠷ ᠨᠠᠷᠢᠨ ᠬᠢᠨᠠᠮᠠᠭᠠᠶ ᠪᠠᠷ ᠥᠪᠡᠷ ᠢᠶᠠᠨ ᠰᠤᠷᠤᠯᠴᠠᠪᠠ᠃ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠯᠢᠦ ᠴᠢ ᠹᠠᠨ᠂ | ᠪᠠᠢ ᠢᠤᠢ ᠭᠠᠩ᠂ ᠮᠧᠩ ᠹᠠᠨ ᠯᠢ᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠮᠠ ᠴᠢᠩ | ᠯᠸᠢ᠂ ᠮᠧᠩ ᠰᠢᠶᠠᠨ ᠳ᠋ᠦᠩ᠂ ᠨᠠᠰᠦᠨᠮᠦ᠋ᠩᠬᠡ ᠰᠠᠨᠠᠯ ᠢᠶᠠᠨ ᠰᠣᠯᠢᠯᠴᠠᠬᠤ ᠦᠭᠡ ᠶᠠᠷᠢᠵᠤ᠂ ᠭᠤᠣᠯ ᠳᠤᠭᠤᠶᠢᠯᠠᠩ ᠤᠨ | ᠪᠤᠰᠤᠳ ᠪᠦᠷᠢᠯᠳᠦᠬᠦᠨ ᠪᠢᠴᠢᠭ ᠢᠶᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠬᠥᠬᠡᠬᠤᠲᠠ ᠳᠤ ᠵᠧᠩ ᠸᠧᠶ ᠣᠯᠠᠨ ᠤᠯᠤᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ | ᠲᠡᠷᠢᠭᠦᠯᠡᠭᠴᠢ ᠸᠠᠩ ᠸᠧᠨ ᠶᠢᠨ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠮᠧᠩ ᠹᠠᠨ ᠯᠢ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠠᠭᠤᠯᠵᠠᠯᠲᠠ ᠳᠤ ᠣᠷᠣᠯᠴᠠᠪᠠ᠃ |