5 ᠳ᠋ᠤᠭᠠᠷ ᠰᠠᠷ᠎ᠠ ᠶᠢᠨ 15 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2021/9/29
    5 ᠳ᠋ᠤᠭᠠᠷ ᠰᠠᠷ᠎ᠠ ᠶᠢᠨ 15 ᠤ ᠡᠳᠦᠷ ᠠᠴᠠ 20 ᠤ ᠡᠳᠦᠷ ᠪᠣᠯᠲᠠᠯ᠎ᠠ ᠲᠥᠪ ᠤᠨ ᠳᠥᠷᠪᠡᠳᠦᠭᠡᠷ ᠰᠢᠮᠳᠠᠭᠤᠯᠣᠨ ᠵᠢᠯᠣᠭᠤᠳᠬᠤ ᠳᠤᠭᠤᠶᠢᠯᠠᠩ 4 ᠳᠤᠭᠤᠶᠢᠯᠠᠩ ᠬᠤᠪᠢᠶᠠᠵᠦ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠡᠷᠭᠡ ᠨᠢᠭᠡᠴᠢ ᠳᠤ ᠭᠦᠨᠵᠡᠭᠡᠶᠢᠷᠡᠵᠦ᠂ ︽ᠮᠡᠳᠡᠭᠳᠡᠯ ᠪᠠᠭᠤᠯᠭᠠᠬᠤ ᠦᠬᠡᠢ᠂ ᠴᠢᠮᠡᠭᠡ ᠥᠭᠬᠦ ᠦᠬᠡᠢ᠂ ᠬᠠᠷᠢᠭᠤ ᠮᠡᠳᠡᠭᠦᠯᠦᠯᠲᠡ ᠶᠢ ᠰᠤᠨᠤᠰᠬᠤ ᠦᠬᠡᠢ᠂ ᠪᠡᠷ᠎ᠡ ᠪᠤᠯᠵᠦ ᠤᠨᠨᠳᠤᠨ ᠵᠤᠴᠢᠯᠠᠬᠤ ᠶᠢ ᠵᠦᠪᠰᠢᠶᠡᠷᠡᠬᠦ ᠦᠬᠡᠢ᠂ ᠦᠨᠳᠦᠰᠦᠨ ᠱᠠᠳᠤᠨ ᠳᠤ ᠰᠢᠭᠤᠳ ᠪᠠᠭᠤᠵᠦ ᠲᠤᠬᠠᠢ ᠶᠢᠨ ᠭᠠᠵᠠᠷ ᠲᠤ ᠨᠢ ᠰᠢᠭᠤᠳ ᠣᠴᠢᠬᠤ︾ ᠵᠠᠷᠴᠢᠮ ᠶᠤᠰᠤᠭᠠᠷ ᠦᠨᠳᠦᠰᠦᠨ ᠱᠠᠳᠤᠨ ᠳᠤ ᠭᠦᠨᠵᠡᠬᠡᠶᠢᠷᠡᠵᠦ᠂ ᠴᠣᠩᠬᠤᠪᠴᠢ ᠪᠣᠯᠬᠤ ᠨᠢᠭᠡᠴᠢ ᠶᠢ ᠢᠯᠡ ᠪᠤᠶᠤ ᠲᠠᠯᠳᠠᠭᠤᠷ ᠪᠠᠶᠢᠴᠠᠭᠠᠬᠤ᠂ ᠬᠡᠷᠡᠭ ᠤᠨ ᠡᠪᠬᠡᠮᠡᠯ ᠢ ᠭᠠᠷᠭᠠᠵᠦ ᠤᠩᠰᠢᠬᠤ᠂ ᠠᠰᠠᠭᠤᠯᠲᠠ ᠶᠢᠨ ᠬᠠᠭᠤᠳᠠᠰᠤ ᠲᠠᠷᠬᠠᠭᠠᠨ ᠪᠠᠶᠢᠴᠠᠭᠠᠬᠤ᠂ ᠲᠤᠰᠬᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠤᠷᠳᠤᠰ ᠬᠤᠳᠠ ᠶᠢᠨ ᠬᠥᠮᠦᠵᠢᠯ ᠴᠡᠭᠴᠡᠯᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ 5 ᠳ᠋ᠤᠭᠠᠷ ᠰᠠᠷ᠎ᠠ ᠶᠢᠨ 20 ᠤ ᠡᠳᠦᠷ᠂ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠣᠷᠳᠣᠰ ᠬᠤᠲᠠ ᠳᠤ ᠭᠦᠨᠵᠡᠬᠡᠶᠢᠷᠡᠨ ᠰᠢᠮᠳᠠᠭᠤᠯᠤᠨ ᠵᠢᠯᠤᠭᠤᠳᠤᠨᠨᠰᠠᠨ ᠢᠶᠠᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠴᠧ ᠵᠢᠶᠦ᠋ᠨ ᠬᠠᠷᠢᠭᠤ ᠲᠤᠰᠬᠠᠬᠤ ᠬᠤᠷᠠᠯ ᠳᠤ ᠣᠷᠣᠯᠴᠬᠠᠰᠠᠨ ᠪᠦᠬᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠲᠣᠰ ᠬᠤᠷᠠᠯ ᠳᠤ ᠣᠷᠣᠯᠴᠠᠪᠠ᠃     5 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2021 ᠣᠨ ᠤ ᠪᠥᠬᠦᠳᠡ ᠬᠤᠷᠠᠯ ᠬᠢᠬᠡᠳ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠡᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠢ ᠤᠷᠢᠵᠤ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠪᠳᠡᠷᠡᠬᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠰᠡᠷᠡᠮᠵᠢᠯᠡᠭᠦᠯᠦᠯ ᠤᠨ ᠬᠥᠮᠦᠵᠢᠯ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠪᠣᠯᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠶ ᠪᠠᠶᠢᠭᠤᠯᠤᠨᠨᠰᠠᠨ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃      5 ᠳ᠋ᠤᠭᠠᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠪᠢᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠳᠤ ᠭᠦᠨᠵᠡᠬᠡᠶᠢᠷᠡᠵᠦ ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ ᠶᠢ ᠲᠤᠰᠬᠠᠶ ᠰᠡᠳᠦᠪ ᠢᠶᠠᠷ ᠪᠠᠶᠢᠴᠠᠭᠠᠨ ᠰᠣᠳᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠡᠰᠡᠭ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠭᠤᠴᠠᠯᠭᠠᠲᠠᠳ ᠲᠣᠰ ᠪᠠᠶᠢᠴᠠᠭᠠᠨ ᠰᠤᠳᠤᠯᠤᠯᠲᠠ ᠪᠠ ᠰᠠᠭᠤᠳᠠᠯ ᠤᠨ ᠬᠤᠷᠠᠯ ᠳᠤ ᠣᠷᠣᠯᠴᠠᠪᠠ᠃      5 ᠳ᠋ᠤᠭᠠᠷ ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2021 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠸᠠᠩ ᠶᠠᠩ ᠨᠥᠬᠦᠷ ᠤᠨ ᠨᠢᠭᠡᠳᠦᠮᠡᠯ ᠹᠷᠣᠨᠲ ᠤᠨ ᠬᠢᠨ ᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠢ ᠭᠦᠨᠵᠡᠬᠡᠢ ᠰᠣᠷᠣᠯᠴᠠᠨ ᠲᠤᠭᠤᠰᠢᠯᠠᠭᠤᠯᠬᠤ ᠠᠵᠢᠯ ᠤᠨ ᠰᠤᠳᠤᠯᠤᠨ ᠶᠠᠷᠢᠯᠴᠠᠬᠤ ᠠᠩᠬᠢ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠰᠠᠭᠤᠳᠠᠯ ᠤᠨ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠡᠭ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠨ ᠱᠣᠤ ᠴᠦᠨ᠂ ᠳ᠋ᠤᠸᠠᠨ ᡁᠢ ᠴᠢᠶᠠᠩ᠂ ᠾᠧ ᠶᠠᠨ ᠯᠢᠩ᠂ ᠪᠤᠤ ᠭᠠᠩ᠂ ᠯᠦᠸᠧ ᡁᠢ ᠬᠤ᠋᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠲᠤᠰ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠰᠠᠭᠤᠳᠠᠯ ᠤᠨ ᠬᠤᠷᠠᠯ ᠳᠤ ᠣᠷᠣᠯᠴᠠᠵᠤ᠂ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠥᠬᠡᠬᠤᠲᠠ ᠳᠤ ᠰᠠᠭᠤᠭ᠎ᠠ ᠬᠡᠰᠡᠭ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠳ ᠤᠨ ᠰᠠᠨᠠᠯ ᠪᠠ ᠰᠠᠨᠠᠭᠤᠯᠭ᠎ᠠ ᠶᠢ ᠰᠣᠨᠣᠰᠪᠠ᠃ ᠬᠤᠷᠠᠯ ᠠᠴᠠ ᠡᠮᠦᠨ᠎ᠡ᠂ ᠵᠧᠩ ᠬᠤᠩ ᠹᠠᠨ ᠨᠠᠷ ᠬᠥᠬᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠳ᠋ᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠡᠯᠡᠳᠬᠡᠯ ᠭᠠᠵᠠᠷ᠂ ᠥᠪᠥᠷ ᠮᠣᠩᠭᠤᠯ ᠤᠨ ᠵᠥᠩ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠳᠣᠯᠣᠯ ᠤᠨ ᠬᠦᠷᠢᠶᠡᠯᠡᠩ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠶ ᠺᠧ ᠰᠢᠩ ᠬᠡᠷ ᠤᠨ ᠲᠡᠵᠢᠭᠡᠪᠦᠷᠢ ᠶᠢᠨ ᠡᠭᠦᠯᠳᠡᠷ ᠤᠨ ᠦᠢᠯᠡᠰ ᠬᠢᠭᠡᠳ ᠦᠷᠡᠵᠢᠭᠦᠯᠦᠨ ᠪᠤᠶᠢᠵᠢᠭᠤᠯᠬᠤ ᠠᠮᠢᠳᠤ ᠪᠣᠳᠠᠰ ᠤᠨ ᠮᠡᠷᠭᠡᠵᠢᠯ ᠤᠨ ᠰᠣᠳᠣᠯᠣᠯ ᠤᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠰᠦᠨ ᠦᠢᠯᠡᠰ ᠤᠨ ᠮᠡᠷᠭᠡᠵᠢᠯ ᠤᠨ ᠰᠣᠳᠣᠯᠣᠯ ᠤᠨ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      5 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠢᠨ ᠤ ᠥᠷᠢ ᠦᠭᠴᠡᠬᠡᠨ ᠤ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ 2020 ᠣᠨ ᠠᠴᠠ ᠨᠠᠭᠠᠰᠢᠬᠢ ᠪᠦᠬᠦ ᠣᠷᠣᠨ ᠤ ᠵᠠᠰᠠᠭ ᠤᠨ ᠣᠷᠳᠣᠨ ᠤ ᠬᠢᠨ ᠤ ᠥᠷᠢ ᠦᠭᠴᠡᠬᠡᠨ ᠤ ᠬᠠᠮᠢᠶᠠᠷᠤᠯᠲᠠ ᠶᠢ ᠵᠢᠷᠣᠮᠵᠢᠭᠤᠯᠤᠨᠨᠰᠠᠨ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨᠨᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠢᠨ ᠤ ᠥᠷᠢ ᠦᠭᠴᠡᠬᠡᠨ ᠤ ᠬᠠᠮᠢᠶᠠᠷᠤᠯᠲᠠ ᠶᠢ ᠵᠢᠷᠤᠮᠵᠢᠭᠤᠯᠵᠦ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠢᠨ ᠤ ᠥᠷᠢ ᠦᠭᠴᠡᠬᠡᠨ ᠤ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠱᠤᠤ ᠴᠦᠨ᠂ ᠳᠡᠳ᠋ ᠳᠤᠭᠤᠶᠢᠯᠠᠩ ᠤᠨ ᠳᠠᠷᠤᠭ᠎ᠠ ᠬᠤᠸᠠᠩ ᡁᠢ ᠴᠢᠶᠠᠩ᠂ ᠪᠦᠷᠢᠯᠳᠦᠬᠦᠨ ᠪᠣᠯᠬᠤ ᠨᠢᠭᠡᠴᠢ ᠶᠢᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃      ᠤᠮᠠᠷᠠᠲᠤ ᠣᠷᠣᠨ ᠤ ᠲᠠᠪᠤᠨ ᠮᠤᠵᠢ ︵ᠣᠷᠣᠨ ᠬᠤᠳᠠ︶ ᠶᠢᠨ ᠠᠩᠬᠠᠳᠤᠭᠠᠷ ᠬᠤᠭᠤᠴᠠᠭᠠᠨ ᠤ ᠪᠡᠭᠡᠵᠢᠩ ᠢ ᠲᠣᠭᠤᠷᠢᠭᠰᠠᠨ ᠵᠢᠭᠤᠯᠴᠢᠯᠠᠯ ᠤᠨ ᠬᠥᠭᠵᠢᠯᠲᠡ ᠶᠢᠨ ᠬᠠᠮᠲᠤᠷᠠᠯᠴᠠᠭᠠᠨ ᠤ ᠲᠦᠷᠦᠭᠦᠴᠦᠳ ᠤᠨ ᠬᠤᠷᠠᠯ ᠬᠥᠬᠡᠬᠤᠲᠠ ᠶᠢᠨ ᠴᠡᠯᠡᠭᠡᠷ ᠲᠠᠯ᠎ᠠ ᠬᠤᠷᠠᠯ ᠤᠨ ᠲᠥᠪ ᠲᠤ ᠬᠤᠷᠠᠯᠳᠣᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠤᠷᠤᠯᠴᠬᠠᠰᠠᠨ ᠪᠦᠬᠡᠳ ᠪᠠᠶᠠᠷ ᠤᠨ ᠦᠭᠡ ᠬᠡᠯᠡᠪᠡ᠃      5 ᠳ᠋ᠤᠭᠠᠷ ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ᠂ ᠳᠤᠮᠳᠠᠳᠤ ᠤᠯᠤᠰ ᠤᠨ ᠤᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠭᠤᠤ ᠶᠠᠨ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠮᠠᠨ ᠤ ᠣᠷᠣᠨ ᠳᠤ ᠭᠠᠳᠠᠭᠠᠳᠤ ᠠᠷᠠᠯᠵᠢᠶ᠎ᠠ ᠶᠢ ᠲᠣᠨᠨᠳᠠᠪᠣᠷᠢᠵᠢᠭᠤᠯᠤᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠭᠦᠴᠢᠷᠳᠡᠯ ᠬᠦᠰᠡᠯ ᠱᠠᠭᠠᠷᠳᠠᠯᠭ᠎ᠠ ᠶᠢ ᠣᠶᠢᠯᠠᠭᠠᠬᠤ ᠪᠠ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠡᠷᠭᠡ ᠠᠭᠤᠯᠭ᠎ᠠ ᠪᠠᠷ ᠪᠠᠶᠢᠴᠠᠭᠠᠨ ᠰᠤᠳᠤᠯᠤᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠥᠬᠡᠬᠤᠲᠠ ᠳᠤ ᠲᠣᠰ ᠲᠣᠰ ᠭᠤᠤ ᠶᠠᠨ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠣᠰ ᠲᠣᠰ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃      5 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶ᠎ᠡ ᠬᠤᠷᠠᠯ ᠬᠤᠷᠠᠯᠳᠤᠭᠤᠯᠵᠤ᠂ ︽ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠤᠯᠠᠮ ᠨᠢᠭᠡ ᠠᠯᠬᠤᠮ ᠢᠯᠭᠠᠷᠠᠭᠤᠯᠤᠨ ᠵᠢᠷᠤᠮᠵᠢᠭᠤᠯᠵᠤ ᠨᠡᠭᠡᠭᠡᠯᠲᠡ ᠶᠢᠨ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︽ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠮᠵᠢ ᠣᠷᠣᠨ ᠲᠣᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠠᠶᠢᠭᠤᠯᠤᠮᠵᠢ ᠤᠷᠤᠨ ᠲᠣᠭᠠᠨ ᠤ ᠬᠠᠮᠢᠶ᠎ᠠ ᠪᠥᠬᠦᠶ ᠵᠦᠢᠯᠡᠰ ᠢ ᠰᠤᠳᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠡᠭᠦᠷᠭᠡ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠤᠷᠠᠯ ᠢ ᠡᠷᠬᠢᠯᠡᠭᠰᠡᠨ ᠪᠦᠬᠡᠳ ᠶᠠᠷᠢᠶ᠎ᠡ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠭᠤᠯᠤᠮᠵᠢ ᠣᠷᠣᠨ ᠲᠣᠭᠠᠨ ᠤ ᠬᠤᠷᠢᠶᠡᠨ ᠤ ᠳᠡᠳ᠋ ᠡᠷᠬᠢᠯᠡᠭᠴᠢ ᠯᠢᠨ ᠱᠤᠤ ᠴᠦᠨ᠂ ᠭᠡᠰᠢᠭᠦᠨ ᠶᠠᠩ ᠸᠧᠢ ᠳ᠋ᠦᠩ᠂ ᠵᠠᠩ ᠱᠤᠤ ᠴᠦᠨ ᠨᠡᠷ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠰᠤᠯᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠬᠡᠳ ᠪᠥᠬᠦ ᠤᠯᠤᠰ ᠤᠨ ᠠᠵᠦ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ ᠤᠨ ᠲᠡᠷᠢᠭᠦᠯᠡᠭᠴᠢ ᠶᠢᠨ ᠳᠡᠭᠡᠳᠦ ᠲᠠᠰ ᠤᠨ ᠲᠦᠷᠦᠭᠦᠴᠦᠳ ᠤᠨ ᠬᠤᠷᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃      5 ᠳ᠋ᠤᠭᠠᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠨᠢᠭᠡᠳᠦᠭᠡᠷ ᠶᠡᠷᠦᠩᠬᠡᠢ ᠲᠠᠷᠤᠭ᠎ᠠ ᠱᠢ ᠲᠠᠢ ᠹᠧᠡᠭ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠤᠷᠠᠯ ᠬᠢᠬᠡᠳ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠣᠨᠴᠠᠭᠠᠶᠢᠯᠠᠨ ᠤᠰᠤ ᠪᠠ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠤᠯᠠᠮ ᠨᠢᠭᠡ ᠠᠯᠬᠤᠮ ᠨᠠᠶᠢᠳᠠᠪᠣᠷᠢᠵᠢᠭᠤᠯᠬᠤ ᠪᠠ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠯᠢᠨ ᠱᠤᠤ ᠴᠦᠨ᠂ ᠵᠠᠩ ᠱᠤᠤ ᠴᠦᠨ᠂ ᠯᠢ ᠪᠢᠩ ᠷᠦᠩ᠂ ᠪᠤᠤ ᠭᠠᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠠᠷᠢᠭᠤᠴᠠᠬᠤ ᠨᠢᠭᠡᠴᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠶᠠᠩ ᠭᠤᠸᠠᠩ ᠴᠠᠬᠢᠯᠭᠠᠨ ᠡᠭᠦᠰᠭᠡᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠦᠩ ᠼᠠᠢ ᠷᠦᠩ ᠱᠠᠩ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠯᠡᠯᠴᠡᠬᠡᠷ ᠲᠤᠨᠨᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠵᠦᠪᠯᠡᠯᠴᠡᠬᠡᠷ ᠲᠤᠬᠢᠷᠠᠯᠴᠠᠬᠤ ᠶᠣᠰᠣᠯᠠᠯ ᠳᠤ ᠣᠷᠣᠯᠴᠠᠭᠰᠠᠨ ᠪᠥᠭᠡᠳ ᠵᠦᠪᠯᠡᠯᠴᠡᠬᠡᠷ ᠲᠤᠬᠢᠷᠠᠯᠴᠬᠠᠰᠠᠨ ᠢ ᠬᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠶᠠᠩ ᠭᠤᠸᠠᠩ ᠴᠠᠬᠢᠯᠭᠠᠨ ᠡᠭᠦᠰᠭᠡᠭᠴᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠼᠤᠤ ᠷᠧᠨ ᠰᠢᠶᠠᠨ᠂ ᠵᠦᠩ ᠼᠠᠢ ᠷᠦᠩ ᠱᠠᠩ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠧᠩ ᠳ᠋ᠠ ᠷᠧᠨ ᠵᠦᠪᠯᠡᠯᠴᠡᠬᠡᠷ ᠲᠤᠬᠢᠷᠠᠯᠴᠠᠬᠤ ᠶᠣᠰᠣᠯᠠᠯ ᠳᠤ ᠣᠷᠣᠯᠴᠠᠭᠰᠠᠨ ᠪᠥᠭᠡᠳ ᠲᠣᠰ ᠲᠣᠰ ᠪᠠᠶᠠᠷ ᠤᠨ ᠦᠭᠡ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢᠴᠠᠭ᠎ᠠ ᠰᠢᠯᠵᠢᠭᠦᠯᠦᠨ ᠥᠭᠬᠦ ᠰᠢᠰᠲ᠋ᠧᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠢᠬᠡᠳ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢᠴᠠᠭ᠎ᠠ ᠰᠢᠯᠵᠢᠭᠦᠯᠦᠨ ᠥᠭᠬᠦ ᠰᠢᠰᠲ᠋ᠧᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠤᠢ ᠮᠢᠩ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠥᠪᠥᠷ ᠮᠣᠩᠭᠤᠯ ᠤᠨ ᠤᠯᠠᠨ ᠲᠡᠰ ᠳᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡ ᠬᠢᠬᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠲᠠᠯ᠎ᠠ ᠪᠠᠷ ᠬᠡᠯᠡᠯᠴᠡᠭᠡ ᠬᠢᠭᠰᠡᠨ ᠤ ᠬᠠᠮᠲᠤ ᠵᠦᠪᠯᠡᠯᠴᠡᠬᠡᠷ ᠲᠤᠬᠢᠷᠠᠯᠴᠠᠬᠤ ᠶᠢ ᠭᠡᠷᠡᠴᠢᠯᠡᠪᠡ᠃     5 ᠳ᠋ᠤᠭᠠᠷ ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠳᠤ ᠭᠦᠨᠵᠡᠭᠡᠶᠢᠷᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠦᠵᠡᠯ ᠰᠠᠨᠠᠭᠠᠨ ᠤ ᠲᠠᠨᠢᠯᠲᠠ ᠪᠠᠨ ᠤᠯᠠᠮ ᠨᠢᠭᠡ ᠠᠯᠬᠤᠮ ᠲᠡᠬᠡᠭᠰᠢᠯᠡᠬᠦᠯᠦᠨ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠨᠡᠩ ᠪᠣᠳᠠᠲᠠᠢ ᠶᠢ ᠡᠷᠬᠢᠮᠯᠡᠬᠦ ᠣᠪᠣᠷ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      5 ᠳ᠋ᠤᠭᠠᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠤᠯᠭᠠᠭᠤᠯᠪᠠ᠃ ᠲᠣᠮᠳᠠᠳᠣ ᠣᠯᠣᠰ ᠤᠨ ᠡᠪ ᠬᠠᠮᠳᠣ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠼᠠᠢ ᠴᠢ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠧᠨ ᠵᠢᠶ ᠨᠢᠩ ᠬᠢᠬᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠨᠠᠷ ᠬᠠᠮᠲᠤ ᠪᠠᠷ ᠰᠢᠨᠵᠢᠯᠡᠨ ᠪᠠᠶᠢᠴᠠᠭᠠᠭᠰᠠᠨ ᠪᠥᠭᠡᠳ ᠰᠠᠭᠤᠳᠠᠯ ᠤᠨ ᠬᠤᠷᠠᠯ ᠬᠢᠪᠡ᠃     5 ᠳ᠋ᠤᠭᠠᠷ ᠰᠠᠷ᠎ᠠ ᠶᠢᠨ 24 ᠤ ᠡᠳᠦᠷ᠂ ᠪᠡᠭᠡᠵᠢᠩ ᠬᠤᠲᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠰᠠᠭᠤᠳᠠᠯ ᠤᠨ ᠬᠤᠷᠠᠯ ᠬᠤᠷᠠᠯᠳᠣᠭᠤᠯᠣᠨ᠂ ᠼᠠᠢ ᠴᠢ᠂ ᠱᠢ ᠲᠠᠢ ᠹᠧᠩ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠢᠶᠠᠨ ᠲᠣᠰ ᠲᠣᠰ ᠲᠠᠨᠢᠯᠴᠠᠭᠤᠯᠪᠠ᠃ ᠪᠡᠭᠡᠵᠢᠩ ᠬᠤᠳᠠ ᠶᠢᠨ ᠤᠳᠤᠷᠢᠳᠤᠯᠭ᠎ᠠ ᠴᠧᠨ ᠶᠦᠩ᠂ ᠸᠧᠢ ᠰᠢᠶᠤᠤ ᠳ᠋ᠦᠩ᠂ ᠼᠦᠢ ᠱᠤ ᠴᠢᠶᠠᠩ᠂ ᠵᠠᠩ ᠵᠢᠶᠠ ᠮᠢᠩ᠂ ᠰᠢᠶᠠ ᠯᠢᠨ ᠮᠤᠤ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠴᠢ ᠹᠠᠨ᠂ ᠶᠠᠩ ᠸᠧᠢ ᠳ᠋ᠦᠩ᠂ ᠵᠠᠩ ᠱᠤᠤ ᠴᠦᠨ᠂ ᠮᠧᠡᠭ ᠰᠢᠶᠠᠨ ᠳ᠋ᠦᠩ᠂ ᠡᠾᠧᠩ ᠰᠢᠶᠤᠤ ᠹᠠᠨ ᠰᠢᠨᠵᠢᠯᠡᠨ ᠪᠠᠶᠢᠴᠠᠭᠠᠬᠤ ᠳᠤ ᠣᠷᠣᠯᠴᠠᠭᠰᠠᠨ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ᠃ ᠪᠡᠭᠡᠵᠢᠩ ᠬᠤᠳᠠ ᠶᠢᠨ ᠡᠯ᠎ᠡ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠲᠤᠰ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠲᠤᠰ ᠰᠠᠭᠤᠳᠠᠯ ᠤᠨ ᠬᠤᠷᠠᠯ ᠳᠤ ᠣᠷᠣᠯᠴᠠᠪᠠ᠃      5 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ ᠵᠢᠷᠭᠤᠳᠤᠭᠠᠷ ᠬᠤᠷᠠᠯᠳᠣᠭᠠᠨ ᠬᠥᠬᠡᠬᠤᠲᠠ ᠳᠤ ᠡᠬᠢᠯᠡᠭᠰᠡᠨ ᠪᠥᠭᠡᠳ ᠠᠩᠬᠠᠳᠤᠭᠠᠷ ᠪᠥᠬᠦᠳᠡ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠦᠨᠮᠦ᠋ᠩᠬᠡ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠡᠨ ᠤ ᠭᠡᠰᠢᠭᠦᠳ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠪᠠ᠃ ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠯᠢᠶᠠᠨ ᠰᠦ᠋᠂ ᠴᠢ᠊ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠬᠦᠯᠬᠦ ᠬᠥᠮᠦᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠠ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠠᠵᠢᠯ ᠤᠨ ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠬᠤᠷᠢᠶᠡᠨ ᠤ ᠬᠠᠷᠢᠭᠤᠴᠠᠯᠭᠠᠳᠠᠳ᠂ ᠡᠯ᠎ᠡ ᠲᠣᠭᠤᠷᠢᠭ ᠪᠠᠶᠢᠭᠤᠯᠤᠨᠨᠰᠠᠨ ᠬᠤᠲᠠ᠂ ᠲᠥᠯᠥᠪᠯᠡᠭᠡ ᠳᠤ ᠠᠰᠳᠠᠭᠠᠨ ᠵᠢᠨᠨᠰᠠᠭᠠᠨᠨᠰᠠᠨ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠠᠷᠢᠭᠤᠴᠠᠯᠭᠠᠳᠠᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠤᠰ ᠬᠤᠷᠠᠯ ᠳᠤ ᠰᠤᠯᠠ ᠣᠷᠣᠯᠴᠠᠪᠠ᠃      5 ᠳ᠋ᠤᠭᠠᠷ ᠰᠠᠷ᠎ᠠ ᠶᠢᠨ 24 ᠠᠴᠠ 25 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠭᠦᠨᠵᠡᠭᠡᠶᠢᠷᠡᠵᠦ᠂ ᠳᠠᠭᠠᠭᠠᠴᠢᠯᠠᠨ ᠬᠠᠷᠢᠭᠤᠴᠠᠵᠦ ᠪᠠᠶᠢᠭ᠎ᠠ ᠵᠠᠬᠢᠳᠠᠯ ᠰᠣᠷᠪᠣᠯᠵᠢᠯᠠᠯ ᠤᠨ ᠬᠡᠷᠡᠭ ᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤ ᠪᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠨᠠᠮ ᠤᠨ ᠲᠡᠦᠬᠡ ᠶᠢ ᠨᠠᠷᠢᠨ ᠬᠢᠨᠠᠮᠠᠭᠠᠢ ᠰᠣᠷᠣᠯᠴᠠᠨ᠂ ᠦᠵᠡᠯ ᠰᠠᠨᠠᠭ᠎ᠠ ᠪᠠᠨ ᠰᠡᠬᠡᠬᠡᠷᠡᠭᠦᠯᠵᠦ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠡᠪᠤᠷᠯᠡᠨ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠦᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠭᠦᠳᠦᠯᠦᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠠᠵᠢᠯᠯᠠᠭ᠎ᠠ ᠳᠤ ᠣᠷᠣᠯᠴᠠᠪᠠ᠃      5 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠢᠬᠡᠳ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠨᠡᠶᠢᠭᠡᠮ ᠵᠢᠷᠤᠮ ᠤᠨ ᠬᠤᠪᠢᠰᠬᠠᠯ ᠪᠠ ᠪᠥᠲᠥᠭᠡᠨ ᠪᠠᠶᠢᠭᠤᠯᠤᠯᠲᠠ ᠶᠢᠨ ᠦᠶ᠎ᠡ ᠶᠢᠨ ᠲᠡᠤᠬᠡ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠶᠢᠨ ᠲᠡᠤᠬᠡ ᠶᠢ ᠰᠤᠷᠤᠯᠴᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠲᠤᠰ ᠬᠤᠷᠠᠯ ᠢ ᠡᠷᠬᠢᠯᠡᠪᠡ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠬᠡᠳ ᠥᠪᠡᠷᠲᠡᠭᠡᠨ ᠵᠠᠰᠠᠬᠤ ᠣᠷᠣᠨ ᠤ ᠠᠶᠤᠯ ᠦᠬᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠬᠡᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ — ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠬᠡᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠰᠣᠷᠣᠯᠴᠠᠬᠤ ᠨᠢ︾ ᠭᠡᠬᠦ ᠲᠤᠰᠬᠠᠶ ᠰᠡᠳᠦᠪᠲᠦ ᠲᠧᠯᠸᠢᠰ ᠹᠢᠯᠢᠮ ᠢ ᠦᠵᠡᠵᠦ᠂ ᠪᠦᠬᠦ ᠣᠷᠣᠨ ᠤ ᠠᠶᠤᠯ ᠦᠬᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠲᠤᠰ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯᠳᠣᠭᠠᠨ ᠬᠤᠶᠠᠳᠤᠭᠠᠷ ᠣᠳᠠᠭᠠᠨ ᠤ ᠪᠦᠬᠦᠳᠡ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠣᠨᠮᠦ᠋ᠩᠬᠡ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠩ ᠰᠢ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠲᠣᠰ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠠ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠬᠤᠷᠢᠶᠠᠨ ᠤ ᠬᠠᠷᠢᠭᠤᠴᠠᠯᠭᠠᠳᠠᠳ᠂ ᠡᠯ᠎ᠡ ᠲᠣᠭᠤᠷᠢᠭ ᠪᠠᠶᠢᠭᠤᠯᠤᠨᠨᠰᠠᠨ ᠬᠤᠲᠠ᠂ ᠲᠥᠯᠥᠪᠯᠡᠭᠡ ᠳᠤ ᠠᠰᠳᠠᠭᠠᠨ ᠵᠢᠨᠨᠰᠠᠭᠠᠨᠨᠰᠠᠨ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠳᠠᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠢ ᠶᠢᠨ ᠰᠣᠳᠣᠯᠣᠨ ᠨᠡᠬᠡᠬᠡᠬᠦ ᠲᠥᠪ᠂ ᠪᠤᠭᠤᠲᠤ ᠶᠢᠨ ᠬᠤᠪᠣᠷ ᠰᠢᠷᠣᠢ ᠶᠢᠨ ᠰᠣᠳᠣᠯᠣᠯ ᠤᠨ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠣᠳᠣᠯᠣᠯ ᠤᠨ ᠬᠦᠷᠢᠶᠡᠯᠡᠩ ᠳᠤ ᠭᠦᠨᠵᠡᠭᠡᠶᠢᠷᠡᠵᠦ᠂ ᠪᠤᠭᠤᠲᠤ ᠬᠤᠳᠠ ᠶᠢᠨ ᠬᠤᠪᠣᠷ ᠰᠢᠷᠣᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃      5 ᠳ᠋ᠤᠭᠠᠷ ᠰᠠᠷ᠎ᠠ ᠶᠢᠨ 27 ᠤ ᠡᠳᠦᠷ ᠪᠥᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠣᠬᠤᠯᠠᠪᠤᠷᠢ ᠬᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠪᠠ᠃ ᠲᠣᠰ ᠤᠳᠠᠭᠠᠨ ᠤ ᠶᠡᠭᠡ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠭᠠᠷᠭᠠᠪᠠ᠃ ᠬᠤᠷᠠᠯ ᠳᠡᠭᠡᠷ᠎ᠡ᠂ ᠤᠯᠠᠭᠠᠨᠬᠠᠳᠠ ᠬᠤᠲᠠ᠂ ᠣᠷᠳᠣᠰ ᠬᠤᠲᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠡᠨ ᠤ ᠬᠠᠮᠢᠶ᠎ᠠ ᠪᠥᠬᠦᠶ ᠬᠠᠷᠢᠭᠤᠴᠠᠯᠭᠠᠲᠠᠳ ᠰᠠᠨᠠᠯ ᠢᠶᠠᠨ ᠰᠣᠯᠢᠯᠴᠠᠵᠦ ᠦᠭᠡ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠨᠡᠶᠢᠳᠡᠯᠡᠨ ᠬᠡᠷᠡᠭᠵᠢᠬᠦᠯᠬᠦ ᠰᠠᠭᠤᠳᠠᠯ ᠤᠨ ᠬᠤᠷᠠᠯ ᠬᠤᠷᠠᠯᠳᠤᠭᠤᠯᠵᠤ᠂ ᠲᠦᠷᠢᠮ ᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠩᠬᠡ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠩ ᠰᠢ᠂ ᠾᠧ ᠶᠠᠨ ᠯᠢᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠳᠡᠳ᠋ ᠡᠷᠬᠢᠯᠡᠭᠴᠢ ᠯᠢᠶᠠᠨ ᠰᠦ᠋ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠤᠤ ᠭᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠰᠠᠭᠤᠳᠠᠯ ᠤᠨ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠡ᠂ ᠡᠯ᠎ᠡ ᠲᠣᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠵᠢᠩᠬᠢᠨᠢ ᠪᠠᠷ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠠᠮᠳᠣ ᠪᠠᠷ ᠦᠪᠡᠷᠳᠡᠬᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠫᠠᠶᠢᠰᠠ ᠶᠢ ᠰᠡᠬᠦᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠤᠭᠤᠲᠤ ᠬᠤᠲᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠬᠡᠰᠡᠭ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠤᠶᠢᠯᠠᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ ᠤ ᠬᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠦᠢᠯᠡᠴᠢᠯᠡᠬᠦ ᠰᠠᠭᠤᠳᠠᠯ ᠤᠨ ᠬᠤᠷᠠᠯ ᠢ ᠬᠤᠷᠠᠯᠳᠤᠭᠤᠯᠪᠠ᠃      5 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠬᠠᠤᠯᠢᠵᠢᠯ ᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠡᠭ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠡ ᠲᠠᠯᠪᠢᠪᠠ᠃ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠨᠠᠷᠢᠨ ᠬᠢᠨᠠᠮᠠᠭᠠᠢ ᠦᠪᠡᠰᠦᠪᠡᠨ ᠰᠤᠷᠤᠯᠴᠠᠵᠤ᠂ ᠠᠵᠢᠯ ᠤᠨ ᠪᠣᠳᠠᠳᠠᠢ ᠲᠠᠢ ᠪᠠᠨ ᠤᠶᠠᠯᠳᠤᠭᠤᠯᠤᠨ ᠭᠦᠨᠵᠡᠭᠡᠢ ᠰᠡᠳᠬᠢᠨ ᠪᠤᠳᠤᠯᠬᠢᠯᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶᠡᠨ ᠤ ᠬᠠᠤᠯᠢ ᠴᠠᠭᠠᠵᠠ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠯᠢᠨ ᠱᠤᠤ ᠴᠦᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠳᠠᠭᠠᠭᠤᠯᠤᠨ ᠰᠤᠷᠤᠯᠴᠬᠠᠰᠠᠨ ᠤ ᠬᠠᠮᠲᠤ ᠦᠬᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶᠡᠨ ᠤ ᠬᠠᠤᠯᠢ ᠰᠠᠬᠢᠵᠤ ᠬᠠᠤᠯᠢ ᠲᠦᠬᠡᠮᠡᠯᠵᠢᠬᠦᠯᠬᠦ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠪᠠᠢ ᠢᠤᠢ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶᠡᠨ ᠤ ᠬᠠᠤᠯᠢ ᠲᠣᠭᠲᠠᠭᠠᠬᠤ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠨᠠᠰᠣᠨᠮᠦ᠋ᠩᠬᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶᠡᠨ ᠤ ᠬᠠᠤᠯᠢ ᠬᠡᠷᠡᠭᠵᠢᠭᠦᠯᠬᠦ ᠶᠢᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠾᠧᠩ ᠰᠢᠶᠤᠤ ᠹᠠᠨ ᠲᠤᠰ ᠲᠤᠰ ᠦᠭᠡ ᠬᠡᠯᠡᠪᠡ᠃      ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠲᠠᠪᠤᠳᠤᠭᠠᠷ ᠤᠳᠠᠭᠠᠨ ᠤ ᠠᠬᠢᠭᠤᠯᠬᠤ ᠬᠤᠷᠠᠯ ᠸᠢᠳᠢᠣ᠋ ᠬᠡᠯᠪᠡᠷᠢ ᠪᠠᠷ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠡᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠡᠨ ᠤ ᠱᠦᠵᠢ ᠮᠧᠩ ᠹᠠᠨ ᠯᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠡᠨ ᠤ ᠱᠦᠵᠢ ᠮᠧᠩ ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠡᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠤᠷᠤᠯᠴᠠᠵᠦ ᠵᠢᠭᠠᠨ ᠵᠢᠯᠣᠭᠤᠳᠪᠠ᠃ ᠬᠤᠷᠠᠯ ᠳᠡᠭᠡᠷ᠎ᠡ᠂ ᠤᠯᠠᠭᠠᠨᠴᠠᠪ ᠬᠤᠲᠠ᠂ ᠬᠥᠬᠡᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠠᠵᠢᠯ ᠤᠨ ᠲᠤᠷᠰᠢᠯᠭ᠎ᠠ ᠪᠠᠨ ᠲᠠᠨᠢᠯᠴᠠᠭᠤᠯᠵᠤ᠂ ᠲᠦᠩᠯᠢᠶᠣᠤ ᠬᠤᠲᠠ᠂ ᠬᠢᠩᠭᠠᠨ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠣᠪᠣᠷ ᠢᠶᠠᠨ ᠢᠯᠡᠳᠬᠡᠬᠦ ᠦᠭᠡ ᠬᠡᠯᠡᠪᠡ᠃      5 ᠳ᠋ᠤᠭᠠᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨᠵᠤᠤᠷ ᠬᠤᠲᠠ ᠳᠤ ᠭᠦᠨᠵᠡᠭᠡᠶᠢᠷᠡᠨ ᠵᠠᠰᠠᠮᠠᠯ ᠵᠠᠮ ᠤᠨ ᠬᠢᠯᠢ ᠶᠢᠨ ᠪᠣᠭᠤᠮᠲᠠ᠂ ᠲᠡᠮᠦᠷ ᠵᠠᠮ ᠤᠨ ᠬᠢᠯᠢ ᠶᠢᠨ ᠪᠣᠭᠤᠮᠲᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠲᠤᠷᠰᠢᠯᠲᠠ ᠶᠢᠨ ᠲᠠᠪᠴᠠᠩ ᠪᠠ ᠮᠠᠨᠵᠤᠤᠷ ᠪᠣᠭᠤᠮᠲᠠ ᠶᠢ ᠰᠢᠨᠵᠢᠯᠡᠨ ᠪᠠᠶᠢᠴᠠᠭᠠᠵᠦ ᠰᠤᠳᠤᠯᠤᠯᠲᠠ ᠬᠢᠪᠠ᠃      5 ᠳ᠋ᠤᠭᠠᠷ ᠰᠠᠷ᠎ᠠ ᠶᠢᠨ 31 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠱᠢ ᠲᠠᠢ ᠹᠧᠩ ᠶᠡᠭᠡ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠢᠵᠢᠭ ᠲᠠᠢ ᠲᠡᠮᠡᠴᠡᠭᠰᠡᠨ ᠶᠡᠭᠡ ᠳᠠᠶᠢᠯᠠᠯᠳᠤᠭᠠᠨ᠂ ᠲᠡᠦᠬᠡ ᠶᠢᠨ ᠶᠡᠭᠡ ᠰᠢᠯᠭᠠᠯᠲᠠ ᠶᠢᠨ ᠲᠤᠷᠰᠢᠯᠭ᠎ᠠ ᠰᠡᠩᠬᠡᠷᠡᠭᠦᠯᠦᠯ ᠢ ᠭᠦᠨᠵᠡᠭᠡᠢ ᠬᠡᠷᠡᠭᠯᠡᠵᠦ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠲᠡᠮᠡᠴᠡᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠨᠨᠳᠠᠷᠠᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤ ᠪᠠᠷ ᠪᠡᠶᠡᠯᠡᠬᠦᠯᠬᠦ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠰᠢᠤ ᠯᠢᠩ᠂ ᠯᠢᠦ ᠴᠢ ᠹᠠᠨ᠂ ᠪᠠᠢ ᠢᠤᠢ ᠭᠠᠩ᠂ ᠳ᠋ᠤᠸᠠᠨ ᡁᠢ ᠴᠢᠶᠠᠩ᠂ ᠨᠠᠰᠤᠨᠮᠦ᠋ᠩᠬᠡ᠂ ᠡᠸᠤ ᠶᠠᠩ ᠰᠢᠶᠤᠤ ᠬᠤᠢ᠂ ᠴᠢ᠊ ᠪᠠᠲᠤ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ ᠬᠤᠷᠠᠯ ᠳᠤ ᠣᠷᠣᠯᠴᠠᠭᠰᠠᠨ ᠪᠥᠭᠡᠳ ︽ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠭᠰᠠᠨ ᠪᠥᠭᠡᠳ ︽ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ ᠪᠠ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠴᠠ ᠭᠦᠬᠢᠬᠦᠯᠦᠨ ᠰᠠᠶᠢᠰᠢᠶᠠᠬᠳ᠋ᠬᠠᠰᠠᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠲᠣᠰ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠣᠭᠤᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠳ᠂ ᠪᠦᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ᠂ ᠲᠡᠷᠢᠭᠦᠨ ᠤ ᠬᠠᠮᠲᠤ ᠪᠠ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠯᠦᠬᠡᠯᠡᠭᠴᠢᠳ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠤᠬᠢᠷᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠣᠨ ᠵᠢᠯᠣᠭᠤᠳᠬᠤ ᠳᠤ ᠪᠠᠨ᠂ ᠪᠥᠬᠦ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠵᠢᠭᠠᠨ ᠵᠢᠯᠣᠭᠤᠳᠴᠣ ᠦᠢᠯᠡᠴᠢᠯᠡᠬᠦ ᠪᠠᠨ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠤᠯᠠᠮ ᠭᠦᠶ᠋ᠴᠡᠳ ᠮᠦᠷᠳᠡᠬᠡᠨ ᠴᠢᠨᠠᠷ ᠰᠠᠶᠢᠲᠠᠶ ᠠᠵᠢᠯ ᠤᠯᠭᠤᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠳ ᠪᠠᠶᠢᠴᠠᠭᠠᠨ ᠰᠣᠳᠣᠯᠣᠯᠲᠠ ᠳᠤ ᠤᠷᠤᠯᠴᠠᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号