ᠤᠯᠠᠭᠠᠨᠴᠠᠪ ᠬᠤᠲᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠪᠤᠷᠤᠯᠠᠭᠤᠯᠭ᠎ᠠ ᠶᠢᠨ ᠵᠠᠮ ᠢ ᠦᠷᠭᠡᠳᠭᠡᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/1/12
     ᠤᠯᠠᠭᠠᠠᠴᠠᠪ ᠬᠤᠳᠠ ᠲᠤᠮᠳᠠᠳᠤ ᠤᠯᠤᠰ ᠤᠨ ᠴᠢᠯᠠᠭᠤᠠ ᠲᠤᠰᠤ ᠬᠢᠮᠢ ᠶᠢᠨ ᠠᠵᠤ ᠦᠢᠯᠡᠪᠦᠷᠢ ᠶᠢᠨ ᠪᠦᠯᠦᠭᠯᠡᠯ ᠺᠤᠮᠫᠠᠨᠢ ᠲᠠᠢ ᠬᠠᠮᠳᠤᠷᠠᠠ ᠠᠵᠢᠯᠯᠠᠬᠤ ᠬᠠᠷᠢᠴᠠᠭ᠎ᠠ ᠪᠠᠶᠢᠭᠤᠯᠤᠨ ᠮᠠᠯ ᠤᠨ ᠠᠰᠢᠭ ᠰᠢᠮ᠎ᠠ ᠲᠡᠷᠢᠶᠠᠯᠠᠩ ᠤᠨ ᠪᠦᠳᠦᠬᠡᠭᠳᠡᠬᠦᠠ ᠤ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠬᠡᠳᠬᠡᠡ ᠮᠠᠯᠴᠢᠠ ᠲᠡᠷᠢᠶᠠᠴᠢᠳ ᠤᠨ ᠤᠷᠤᠯᠭ᠎ᠠ ᠶᠢ ᠨᠠᠮᠡᠭᠳᠡᠬᠦᠯᠵᠥ ᠪᠠᠶᠢᠨ᠎ᠠ᠃    2021 ᠣᠨ ᠤ 12 ᠰᠠᠷ᠎ᠠ ᠶᠢᠨ 29 ᠤ ᠡᠳᠦᠷ᠂ ᠰᠣᠷᠪᠤᠯᠵᠢᠯᠠᠭᠴᠢ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠣᠮᠫᠠᠨᠢ ᠶᠢᠨ ᠲᠣᠰᠣ ᠨᠡᠮᠡᠬᠦ ᠦᠷᠲᠡᠭᠡ ᠶᠢᠨ ᠶᠢᠨ ᠱᠢ ᠵᠢᠶ ᠳᠡᠯᠭᠡᠭᠦᠷ ᠲᠤ ᠤᠷᠤᠬᠤ ᠳᠤ᠂ 90 ᠭᠠᠷᠤᠶ ᠲᠡᠭᠰᠢ ᠳᠥᠷᠪᠡᠯᠵᠢᠨ ᠮᠧᠲᠷ ᠤᠨ ᠲᠡᠯᠠᠪᠠᠢ ᠲᠠᠢ ᠢ ᠵᠢᠶᠧ ᠲᠦᠬᠦᠮ ᠦᠵᠡᠬᠦᠯᠬᠦ ᠳᠡᠯᠭᠡᠭᠦᠷ ᠲᠤ ᠪᠥᠬᠦ ᠤᠯᠤᠰ ᠤᠨ ᠡᠯ᠎ᠠ ᠭᠠᠵᠠᠷ ᠤᠨ 100 ᠭᠠᠷᠤᠶ ᠵᠦᠢᠯ ᠤᠨ ᠲᠠᠸᠠᠷ ᠲᠡᠯᠬᠡᠡ ᠪᠤᠷᠤᠯᠠᠭᠤᠯᠤᠬᠳᠠᠵᠤ ᠪᠠᠶᠢᠪᠠ᠃ ᠡᠭᠦᠨ ᠳᠤ ︽ᠮᠸᠡᠭ ᠰᠢᠶᠣᠣ ᠢ︾ ᠲᠤᠰᠬᠠᠢ ᠯᠠᠩᠭᠦᠢ ᠪᠠ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠰᠬᠠᠢ ᠯᠠᠩᠭᠦᠶ ᠬᠥᠮᠦᠰ ᠤᠨ ᠠᠩᠬᠠᠷᠤᠯ ᠢ ᠣᠨᠴᠠ ᠲᠠᠳᠠᠵᠥ ᠪᠠᠶᠢᠯ᠎ᠠ᠃      ᠦᠢᠯᠠᠭᠠᠭᠰᠠᠠ ᠢᠶᠠᠷ᠂ ᠡᠮᠤᠨᠡᠬᠡᠡ ᠤᠯᠠᠭᠠᠨᠴᠠᠪ ᠬᠤᠲᠠ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠶᠡᠷᠦᠩᠬᠡᠶ ᠬᠡᠯᠲᠡᠰ ᠲᠤ ᠬᠦᠷᠴᠦ᠂ ᠲᠤᠬᠠᠶ ᠶᠢᠨ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠬᠤᠳᠠᠯᠳᠤᠵᠥ ᠪᠤᠷᠤᠯᠠᠭᠤᠯᠬᠤ ᠠᠷᠭ᠎ᠠ ᠵᠠᠮ ᠡᠷᠢᠯᠬᠢᠯᠡᠬᠦ ᠬᠤᠷᠠᠯ ᠬᠢᠵᠡᠢ᠃ ᠬᠤᠷᠠᠯ ᠤᠨ ᠲᠡᠷᠠᠭ᠎ᠠ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠰᠬᠠᠢ ᠯᠠᠩᠭᠦᠶ ᠭᠠᠷᠭᠠᠵᠤ᠂ ᠤᠯᠠᠭᠠᠨᠴᠠᠪ ᠬᠤᠲᠠ ᠶᠢᠨ 17 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠨ ᠪᠣᠷᠣᠯᠠᠭᠤᠯᠭ᠎ᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠬᠰᠠᠠ ᠪᠦᠬᠡᠳ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠪᠦᠯᠦᠭᠯᠡᠯ ᠤᠨ ᠥᠪᠥᠷ ᠮᠣᠩᠭᠤᠯ ᠤᠨ ᠴᠢᠯᠠᠭᠤᠨ ᠲᠤᠰᠤᠨ ᠤ ᠬᠤᠪᠢᠶᠠᠷᠢ ᠺᠤᠮᠫᠠᠨᠢ ︽ᠮᠸᠡᠭ ᠰᠢᠶᠣᠣ ᠢ︾ ᠬᠡᠮᠡᠬᠦ ᠥᠪᠡᠷ ᠤᠨ ᠬᠡᠰᠡᠡ ᠲᠦᠷᠦᠯ ᠲᠡᠮᠳᠡᠭ ᠢ ᠴᠣᠭᠴᠠᠯᠠᠨ᠂ ᠲᠤᠬᠠᠶ ᠶᠢᠨ ᠭᠠᠵᠠᠷ ᠤᠨ ᠯᠠᠨ ᠭᠧ ᠭᠧ ᠰᠦ ᠶᠢᠨ ᠤᠢᠢᠯᠡᠰ᠂ ᠶᠢᠨ ᠱᠠᠨ ᠶᠤᠦᠮᠠᠶ᠂ ᠱᠸᠤ ᠳ᠋ᠦ᠋ ᠺᠠᠶ ᠳ᠋ᠠ ᠵᠡᠷᠭᠡ ᠲᠠᠭᠠᠭᠤᠯᠤᠬᠴᠢ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠬᠡᠯᠡᠯᠴᠡᠬᠡᠷ ᠲᠤᠭᠳᠠᠵᠡᠢ᠃      ᠤᠳᠤ ᠪᠤᠯᠳᠠᠯ᠎ᠠ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠺᠤᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠢ ᠵᠢᠶᠧ ᠲᠦᠬᠦᠮ ᠦᠵᠡᠬᠦᠯᠬᠦ ᠲᠡᠯᠭᠡᠬᠦᠷ ᠢ 365 ᠪᠠᠶᠢᠭᠤᠯᠵᠤ᠂ ᠨᠡᠶᠢᠲᠡ 350 ᠭᠠᠷᠤᠢ ᠲᠦᠮᠡᠨ ᠲᠦᠭᠦᠷᠢᠭ ᠤᠨ ᠮᠠᠯ ᠤᠨ ᠠᠰᠢᠭ ᠰᠢᠮ᠎ᠠ ᠲᠡᠷᠢᠶᠠᠯᠠᠩ ᠤᠨ ᠪᠦᠳᠦᠬᠡᠭᠳᠡᠬᠦᠠ ᠪᠤᠷᠤᠯᠠᠭᠤᠯᠵᠥ᠂ ᠤᠯᠠᠭᠠᠨᠴᠠᠪ ᠬᠤᠳᠠ ᠶᠢᠨ ᠮᠠᠯ ᠤᠨ ᠠᠰᠢᠭ ᠰᠢᠮ᠎ᠠ ᠲᠡᠷᠢᠶᠠᠯᠠᠩ ᠤᠨ ᠪᠦᠳᠦᠬᠡᠭᠳᠡᠬᠦᠠ ᠢ ᠪᠡᠭᠡᠵᠢᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠤᠢᠢᠯᠡᠰ ᠤᠨ ᠨᠢᠭᠡᠴᠢ᠂ ᠨᠡᠶᠢᠭᠡᠮ ᠲᠤᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠤᠠ᠂ ᠪᠤᠷᠤᠯᠠᠭᠤᠯᠭ᠎ᠠ ᠶᠢᠨ ᠦᠷᠳᠡᠭ 3900 ᠭᠠᠷᠤᠶ ᠲᠦᠮᠡᠨ ᠲᠥᠭᠦᠷᠢᠭ ᠬᠦᠷᠴᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠪᠴᠠᠩ ᠢᠶᠠᠷ 710 ᠲᠦᠮᠡᠨ ᠲᠥᠭᠦᠷᠢᠭ ᠤᠨ ᠲᠠᠷᠢᠶᠠᠯᠠᠩ ᠤᠨ ᠣᠨᠴᠠ ᠭᠠᠷᠤᠯᠲᠠ ᠪᠤᠷᠤᠯᠠᠭᠤᠯᠤᠭᠰᠠᠠ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号