ᠣᠩᠨᠢᠭᠤᠳ‌ᠬᠤᠰᠢᠭᠤ ᠭᠠᠭ᠋ᠠᠶ ᠲᠡᠵᠢᠭᠡᠬᠦ ᠦᠢᠯᠡᠰ ᠢ ᠬᠦᠭᠵᠢᠬᠦᠯᠵᠤ ᠭᠤᠷᠪᠠᠨ ᠲᠠᠯ᠎ᠠ ᠶᠢᠨ ᠦᠷ᠎ᠠ ᠠᠰᠢᠭ ᠢ ᠡᠬᠦᠳᠴᠤ ᠪᠤᠢ
ᠨᠡᠶᠢᠲᠡᠯᠡᠭᠰᠡᠨ ᠴᠠᠭ᠄
2022/1/12
     ᠲᠦᠷᠦᠬᠦᠬᠡᠨ ᠰᠤᠷᠪᠤᠯᠵᠢᠯᠠᠬᠴᠢ ᠣᠩᠨᠢᠭᠤᠳ ᠬᠤᠰᠢᠭᠤᠨ ᠤ ᠦᠳᠡ ᠶᠢᠨ ᠬᠤᠸᠠ ᠪᠠᠯᠭᠠᠰᠤᠨ ᠤ ᠶᠤᠸᠠᠨ ᠪᠣᠣᠸᠠ ᠲᠤᠰᠬᠤᠨ ᠳᠤ ᠬᠦᠷᠬᠦ ᠳᠤ᠂ ᠰᠢᠨᠡᠬᠡᠨ ᠪᠠᠷᠢᠭᠰᠠᠨ ᠭᠠᠭ᠋ᠠᠢ ᠶᠢᠨ ᠡᠭᠦᠷ ᠵᠢᠭᠳᠡᠷᠡᠵᠦ᠂ ᠲᠤᠰᠬᠠᠶᠢᠵᠢᠭᠰᠠᠨ ᠲᠤᠨᠤᠭ ᠲᠦᠭᠦᠭᠡᠷᠦᠮᠵᠢ ᠨᠦᠭᠦᠳ ᠨᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠣᠳᠣᠬᠢᠴᠢᠯᠠᠭᠰᠠᠨ ᠭᠠᠭ᠋ᠠᠢ ᠲᠡᠵᠢᠭᠡᠬᠦ ᠵᠠᠭᠪᠤᠷ ᠢ ᠬᠦᠳᠦᠯᠦᠨ ᠲᠠᠭᠠᠭᠤᠯᠵᠤ ᠪᠠᠶᠢᠬᠤ ᠨᠢ ᠢᠯᠡᠬᠡᠨ ᠬᠠᠷᠬᠠᠳᠠᠨ᠎ᠠ᠃ ᠡᠨᠡ ᠪᠣᠯ ᠳᠤᠮᠳᠠᠲᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠵᠢᠶᠠ ᠵᠢᠶᠠ ᠺᠠᠩ ︵ᠤᠯᠠᠭᠠᠨᠬᠠᠳᠠ︶ ᠬᠢᠵᠠᠭᠠᠷᠲᠤ ᠺᠣᠮᠫᠠᠨᠢ ᠶᠢᠨ ᠳᠥᠷᠪᠡᠳᠦᠭᠡᠷ ᠬᠤᠭᠤᠴᠠᠭᠠᠨ ᠤ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠪᠣᠯᠤᠨ᠎ᠠ᠃    ᠲᠣᠰ ᠲᠥᠷᠥᠯ ᠵᠦᠢᠯ ᠤᠨ ᠲᠣᠭᠲᠠᠮᠠᠯ ᠬᠦᠷᠦᠩᠭᠡ ᠶᠢᠨ ᠪᠠᠯᠠ ᠣᠷᠣᠭᠤᠯᠤᠯᠲᠠ ᠨᠢ 123341.90 ᠲᠦᠭᠦᠷᠢᠭ ᠲᠤ ᠬᠦᠷᠴᠦ᠂ ᠦᠳᠡ ᠶᠢᠨ ᠬᠤᠸᠠ ᠪᠠᠯᠭᠠᠰᠤᠨ ᠤ ᠶᠤᠸᠠᠨ ᠪᠣᠣᠸᠠ ᠲᠤᠰᠬᠤᠨ ᠪᠠ ᠪᠤᠷᠤᠬᠤᠳᠠ ᠪᠠᠯᠭᠠᠰᠤᠨ ᠤ ᠪᠠᠶᠠᠨᠬᠤᠸᠠ ᠬᠤᠨᠢ ᠲᠡᠵᠢᠭᠡᠬᠦ ᠲᠠᠯᠠᠪᠠᠶ ᠳᠤ ᠬᠤᠶᠠᠷ ᠬᠤᠪᠢᠶᠠᠷᠢ ᠦᠢᠯᠡᠳᠪᠦᠷᠢ ᠪᠠᠶᠢᠭᠤᠯᠵᠤ᠂ 2020 ᠣᠨ ᠤ 10 ᠰᠠᠷ᠎ᠠ ᠳᠤ ᠪᠠᠶᠢᠭᠤᠯᠤᠭᠳᠠᠵᠤ᠂ 2021 ᠣᠨ ᠤ 2 ᠰᠠᠷ᠎ᠠ ᠳᠤ ᠠᠰᠢᠭᠯᠠᠯᠲᠠ ᠳᠤ ᠣᠷᠣᠭᠤᠯᠪᠠ᠃ 2021 ᠤᠨ ᠤ 10 ᠰᠠᠷ᠎ᠠ ᠪᠣᠯᠬᠤ ᠳᠤ᠂ ᠲᠡᠵᠢᠭᠡᠭᠰᠡᠨ ᠭᠠᠭ᠋ᠠᠢ ᠶᠢᠨ ᠲᠤᠭ᠎ᠠ ᠲᠤᠯᠤᠭᠠᠢ 252526 ᠪᠤᠯᠪᠠ᠃    ᠳᠤᠰ ᠺᠤᠮᠫᠠᠨᠢ ᠶᠢᠨ ᠶᠡᠷᠦᠩᠬᠡᠢ ᠲᠠᠭᠠᠭᠠᠮᠠᠯ ᠢᠦᠢ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠨᠢ ᠬᠡᠪᠴᠢᠶᠡᠵᠢᠭᠰᠡᠨ᠂ ᠡᠷᠴᠢᠮᠵᠢᠭᠰᠡᠨ᠂ ᠪᠠᠷᠢᠮᠵᠢᠶᠠᠵᠢᠭᠰᠠᠨ᠂ ᠵᠠᠬ᠎ᠠ ᠳᠡᠯᠭᠡᠭᠦᠷᠴᠢᠯᠡᠭᠰᠡᠨ ᠡᠷᠬᠢᠯᠳᠡ ᠶᠢᠨ ᠮᠠᠶ᠋ᠢᠭ ᠢᠶᠠᠷ ᠲᠠᠮᠵᠢᠭᠤᠯᠵᠤ ᠭᠠᠭ᠋ᠠᠶ ᠲᠡᠵᠢᠭᠡᠨ ᠦᠷᠡᠵᠢᠭᠦᠯᠬᠦ ᠶᠢ ᠠᠵᠤ ᠦᠢᠯᠡᠰᠵᠢᠭᠦᠯᠦᠭᠰᠡᠨ᠂ ᠨᠡᠶᠢᠲᠡᠯᠢᠭ ᠢᠨᠵᠧᠨᠧᠷᠢᠩ ᠪᠤᠯᠭᠠᠨ ᠪᠠᠶᠢᠭᠤᠯᠵᠤ᠂ 55.2 ᠲᠦᠮᠡᠨ ᠴᠢᠨᠠᠷ ᠰᠠᠶᠢᠲᠠᠢ ᠭᠠᠭ᠋ᠠᠶ ᠶᠢ ᠪᠣᠷᠣᠯᠠᠭᠤᠯᠬᠤ ᠴᠢᠳᠠᠪᠤᠷᠢ ᠶᠢ ᠪᠦᠷᠢᠯᠳᠦᠭᠦᠯᠬᠦ ᠪᠠᠷ ᠴᠢᠷᠮᠠᠶᠢᠵᠤ ᠪᠠᠶᠢᠨ᠎ᠠ ᠬᠡᠪᠡ᠃    ᠬᠢᠨᠠᠯᠲᠠ ᠳᠤᠷᠠᠨ ᠢᠶᠠᠷ ᠳᠠᠮᠵᠢᠭᠤᠯᠤᠨ ᠭᠠᠭ᠋ᠠᠢ ᠶᠢᠨ ᠡᠭᠦᠷ ᠳᠣᠲᠣᠷᠠᠬᠢ ᠪᠠᠶᠢᠳᠠᠯ ᠢ ᠴᠠᠭ ᠲᠤᠬᠠᠶ ᠳᠤᠨᠢ ᠣᠯᠵᠤ ᠬᠠᠷᠠᠬᠤ ᠠᠴᠠ ᠭᠠᠳᠠᠨ᠎ᠠ᠂ ᠪᠠᠰᠠ ᠪᠦᠷᠢᠮᠦᠰᠦᠨ ᠠᠦ᠋ᠲ᠋ᠣᠴᠢᠯᠠᠭᠰᠠᠨ ᠴᠠᠭᠠᠷᠢᠭ ᠡᠵᠡᠮᠰᠢᠯ᠂ ᠠᠦ᠋ᠲ᠋ᠣ᠋ ᠪᠤᠷᠳᠤᠭ᠎ᠠ ᠬᠠᠩᠭᠠᠯᠭ᠎ᠠ᠂ ᠠᠦ᠋ᠲ᠋ᠣᠴᠢᠯᠠᠭᠰᠠᠨ ᠤᠰᠤᠯᠠᠬᠤ ᠰᠢᠰᠲ᠋ᠧᠮ ᠵᠡᠷᠭᠡ ᠶᠢ ᠤᠭᠰᠠᠷᠠᠵᠤ᠂ ᠭᠤᠣᠯ ᠪᠣᠯᠬᠤ ᠦᠢᠯᠡᠳᠪᠦᠷᠢᠯᠡᠯ ᠤᠨ ᠶᠠᠪᠤᠴᠠ ᠶᠢ ᠴᠥᠮ ᠠᠦ᠋ᠲ᠋ᠤᠴᠢᠯᠠᠪᠠ᠃ ᠭᠠᠶᠢᠬᠠᠭᠤᠰᠢᠲᠠᠢ ᠨᠢ᠂ ᠲᠡᠵᠢᠭᠡᠨ ᠦᠷᠡᠵᠢᠭᠦᠯᠬᠦ ᠰᠠᠭᠤᠷᠢᠨ ᠳᠤ ᠮᠠᠭᠤᠬᠠᠢ ᠦᠨᠦᠷ ᠪᠠᠷᠤᠭ ᠣᠯᠵᠤ ᠦᠨᠦᠷᠲᠦᠭᠳᠡᠬᠦ ᠥᠬᠡᠶ᠃ ᠡᠨᠡ ᠨᠢ ᠢᠯᠭᠠᠳᠠᠰᠤ ᠶᠢ ᠰᠢᠭᠤᠳ ᠠᠷᠢᠯᠭᠠᠬᠤ ᠮᠠᠶ᠋ᠢᠭ ᠤᠨ ᠱᠠᠯᠠ ᠴᠡᠪᠡᠷᠯᠡᠬᠦ ᠮᠡᠷᠭᠡᠵᠢᠯ ᠢ ᠬᠡᠷᠡᠭᠯᠡᠵᠦ᠂ ᠤᠤᠭᠤᠬᠤ ᠤᠰᠤ᠂ ᠪᠣᠷᠤᠭᠠᠨ ᠤ ᠤᠰᠤ᠂ ᠪᠤᠬᠢᠷ ᠤᠰᠤ ᠶᠢ ᠰᠠᠯᠭᠠᠨ ᠵᠠᠯᠠᠬᠤ ᠰᠢᠰᠲ᠋ᠧᠮ ᠢ ᠤᠷᠤᠭᠤᠯᠤᠨ ᠠᠪᠴᠢᠷᠠᠵᠤ᠂ ᠠᠷᠢᠭᠤᠨ ᠴᠡᠪᠡᠷ ᠢ ᠪᠠᠳᠤᠯᠠᠭᠰᠠᠨ ᠰᠠᠭᠤᠷᠢᠨ ᠲᠡᠭᠡᠷ᠎ᠠ ᠭᠠᠭ᠋ᠠᠶ ᠶᠢᠨ ᠢᠯᠭᠠᠳᠠᠰᠤ ᠶᠢ ᠴᠡᠪᠡᠷᠯᠡᠨ ᠠᠷᠢᠯᠭᠠᠵᠤ ᠪᠣᠬᠢᠷ ᠤᠰᠤᠨ ᠤ ᠬᠡᠮᠵᠢᠶ᠎ᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠢᠵᠠᠭᠠᠷᠯᠠᠭᠰᠠᠨ ᠠᠴᠠ ᠪᠣᠯᠤᠭᠰᠠᠨ ᠶᠤᠮ᠃ ᠡᠭᠦᠨ ᠤ ᠬᠠᠮᠲᠤ᠂ ᠲᠤᠰ ᠲᠥᠷᠥᠯ ᠵᠦᠢᠯ ᠨᠢ ᠭᠠᠭ᠋ᠠᠶ ᠶᠢᠨ ᠢᠯᠭᠠᠳᠠᠰᠤ ᠪᠣᠯᠤᠨ ᠡᠷᠭᠢᠨ ᠲᠤᠭᠤᠷᠢᠨ ᠤ ᠡᠰᠢ ᠰᠦᠷᠡᠯ ᠤᠨ ᠬᠤᠯᠢᠮᠠᠭ ᠲᠦᠭᠦᠬᠡᠶ ᠮᠠᠲ᠋ᠧᠷᠢᠶᠠᠯ ᠢ ᠢᠰᠭᠡᠵᠦ ᠡᠬᠢ ᠪᠠᠶᠠᠯᠢᠭᠵᠢᠭᠤᠯᠤᠨ ᠠᠰᠢᠭᠯᠠᠬᠤ ᠲᠥᠰᠦᠯ ᠢ ᠬᠡᠷᠡᠭᠯᠡᠵᠦ᠂ ᠲᠣᠮᠣ ᠬᠡᠯᠪᠡᠷᠢ ᠶᠢᠨ ᠬᠤᠯᠢᠮᠠᠭ ᠲᠦᠭᠦᠬᠡᠶ ᠮᠠᠲ᠋ᠧᠷᠢᠶᠠᠯ  ᠤᠨ ᠨᠠᠮᠤᠭ ᠤᠨ ᠬᠡᠶ ᠢᠰᠭᠡᠬᠦ ᠢᠨᠵᠧᠨᠧᠷᠢᠩ ᠪᠥᠲᠥᠭᠡᠨ ᠪᠠᠶᠢᠭᠤᠯᠵᠤ᠂ ᠨᠠᠮᠤᠭ ᠤᠨ ᠰᠢᠩᠭᠡᠨ ᠢ ᠲᠠᠷᠢᠶᠠᠨ ᠳᠤ ᠣᠷᠣᠭᠤᠯᠵᠤ ᠲᠠᠷᠢᠮᠠᠯ ᠤᠨ ᠣᠷᠭᠠᠨᠢᠭ ᠪᠣᠷᠲᠣᠭᠤᠷ ᠪᠣᠯᠭᠠᠨ ᠠᠰᠢᠭᠯᠠᠵᠤ᠂ ᠬᠦᠷᠦᠰᠦᠨ ᠤ ᠣᠷᠭᠠᠨᠢᠭ ᠡᠳ᠋ — ᠡᠰᠢ ᠰᠦᠷᠡᠯ / ᠲᠡᠵᠢᠭᠡᠯ ᠪᠣᠷᠳᠤᠭᠠᠨ ᠤ ᠠᠮᠢᠳᠤ ᠪᠣᠳᠠᠰ — ᠭᠠᠭ᠋ᠠᠶ ᠶᠢᠨ ᠮᠢᠬ᠎ᠠ / ᠢᠯᠭᠠᠳᠠᠰᠤ — ᠨᠠᠮᠤᠭ ᠤᠨ ᠬᠡᠶ — ᠴᠡᠪᠡᠷ ᠡᠨᠧᠷᠭᠢ / ᠨᠠᠮᠤᠭ ᠤᠨ ᠪᠣᠷᠲᠣᠭᠤᠷ — ᠬᠦᠷᠦᠰᠦᠨ ᠤ ᠠᠮᠢ ᠠᠬᠤᠶ ᠶᠢᠨ ᠤᠷᠴᠢᠯ ᠢ ᠦᠨᠳᠦᠰᠦᠨ ᠳᠡᠭᠡᠨ ᠪᠡᠶᠡᠯᠡᠭᠦᠯᠪᠡ᠃    ᠡᠬᠦᠨ ᠠᠴᠠ ᠭᠠᠳᠠᠨ᠎ᠠ᠂ ᠲᠤᠰ ᠲᠦᠷᠦᠯ ᠵᠦᠢᠯ ᠨᠢ 550 ᠰᠢᠬᠠᠮ ᠲᠣᠭᠳᠠᠭᠤᠨ ᠠᠵᠢᠯ ᠤᠨ ᠪᠠᠶᠢᠷᠢ ᠶᠢ ᠡᠭᠦᠳᠴᠤ᠂ ᠲᠤᠰ ᠰᠠᠭᠤᠷᠢᠨ ᠳᠤ ᠬᠥᠯᠥᠰᠥᠨ ᠠᠵᠢᠯ ᠬᠢᠵᠦ ᠪᠠᠶᠢᠭ᠎ᠠ ᠣᠩᠨᠢᠭᠤᠳ ᠬᠤᠰᠢᠭᠤ ᠵᠢᠴᠢ ᠡᠷᠭᠢᠨ ᠲᠤᠭᠤᠷᠢᠨ ᠤ ᠲᠤᠰᠬᠤᠨ ᠤ ᠠᠷᠠᠳ ᠨᠢᠭᠡ ᠲᠠᠯ᠎ᠠ ᠪᠠᠷ ᠭᠡᠷ ᠪᠦᠯᠢ ᠪᠠᠨ ᠬᠠᠷᠠᠭᠠᠯᠵᠠᠵᠤ᠂ ᠨᠦᠭᠦᠭᠡ ᠲᠠᠯ᠎ᠠ ᠪᠠᠷ ᠬᠥᠯᠥᠰᠥᠨ ᠠᠵᠢᠯ ᠬᠢᠬᠦ ᠪᠠᠷ ᠳᠠᠮᠵᠢᠨ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠪᠡ᠃     ᠣᠳᠤᠬᠠᠨ ᠳᠤ᠂ ᠡᠨᠡ ᠬᠦ ᠭᠠᠭ᠋ᠠᠢ ᠲᠡᠵᠢᠭᠡᠨ ᠦᠷᠡᠵᠢᠭᠦᠯᠬᠦ ᠤᠳᠤᠬᠢᠴᠢᠯᠠᠭᠰᠠᠨ ᠰᠠᠭᠤᠷᠢᠨ ᠨᠢ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠡᠭᠦᠳᠦᠨ᠂ ᠲᠤᠬᠠᠢ ᠶᠢᠨ ᠭᠠᠵᠠᠷ ᠤᠨ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠵᠤ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号