ᠦᠴᠤᠸᠠᠨ ᠰᠢᠶᠠᠨ ᠤ ᠨᠣᠬᠠᠢ ᠶᠢᠨ ᠬᠤᠰᠢᠭᠤ ︽ᠳᠤᠮᠳᠠᠳᠤ ᠤᠯᠤᠰ ᠤᠨ ᠴᠢᠬᠤᠯᠠ ᠲᠠᠷᠢᠶᠠᠯᠠᠬᠤ ᠰᠣᠶᠣᠯ ᠤᠨ ᠥᠪ︾ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2022/1/12
     ᠣᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠳᠢᠩᠬᠢᠮ ᠠᠴᠠ ᠣᠶᠢᠯᠠᠭᠠᠭᠰᠠᠨ ᠢᠶᠠᠷ᠂ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠠᠴᠠ ᠨᠡᠶᠢᠲᠡᠯᠡᠭᠰᠡᠨ ᠵᠢᠷᠭᠤᠳᠤᠭᠠᠷ ᠪᠦᠯᠦᠭ ᠤᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠬᠤ ᠰᠣᠶᠣᠯ ᠤᠨ ᠦᠪ ᠤᠨ ᠨᠡᠷᠡᠰ ᠲᠤ ᠮᠠᠨ ᠤ ᠤᠷᠤᠨ ᠤ ᠦᠴᠤᠸᠠᠨ ᠤ ᠨᠣᠬᠠᠢ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠢ ᠳᠠᠷᠢᠶᠠᠯᠠᠭ᠎ᠠ ᠶᠢᠨ ᠰᠢᠰᠲ᠋ᠧᠮ ᠵᠢᠭᠰᠠᠭᠠᠭᠳᠠᠭᠰᠠᠨ ᠪᠠᠶᠢᠨ᠎ᠠ᠃      ᠦᠴᠤᠸᠠᠨ ᠰᠢᠶᠠᠨ ᠤ ᠨᠣᠬᠠᠢ ᠶᠢᠨ ᠬᠤᠰᠢᠭᠤ ᠶᠢᠨ ᠤᠯᠠᠮᠵᠢᠯᠠᠯᠳᠦ ᠬᠠᠭᠤᠷᠡᠢ ᠲᠠᠷᠢᠶᠡᠯᠠᠭ᠎ᠠ ᠶᠢᠨ ᠰᠢᠰᠲ᠋ᠧᠮ ᠪᠤᠯ ᠳᠤᠮᠳᠠᠳᠤ ᠤᠯᠤᠰ ᠤᠨ ᠴᠢᠬᠤᠯᠠ ᠳᠠᠷᠢᠶᠠᠯᠠᠬᠤ ᠰᠤᠶᠤᠯ ᠤᠨ ᠦᠪ ᠢ ᠬᠢᠨᠠᠨ ᠳᠤᠭᠳᠠᠭᠠᠬᠤ ᠳᠤᠰᠬᠠᠢ ᠮᠡᠷᠭᠡᠵᠢᠯᠳᠡᠨ ᠤ ᠳᠤᠭᠤᠶᠢᠯᠠᠩ ᠠᠴᠠ ᠪᠦᠬᠦ ᠤᠯᠤᠰ ᠤᠨ ᠡᠯ᠎ᠡ ᠮᠤᠵᠢ ᠶᠢᠨ ᠳᠡᠭᠡᠭᠰᠢ ᠮᠡᠳᠡᠭᠦᠯᠦᠭᠰᠡᠨ ᠪᠤᠳᠠᠰ ᠤᠨ ᠪᠤᠰᠤ ᠰᠤᠶᠤᠯ ᠤᠨ ᠦᠪ ᠢᠶᠠᠷ ᠮᠡᠳᠡᠭᠦᠯᠬᠦ ᠲᠦᠷᠦᠯ ᠵᠦᠢᠯ ᠢ ᠱᠠᠳᠤ ᠳᠠᠷᠠᠭᠠᠯᠠᠨ ᠰᠢᠯᠢᠨ ᠰᠤᠩᠭᠤᠭᠰᠠᠨ ᠤ ᠳᠠᠷᠠᠭᠠᠬᠢ ᠬᠢᠨᠠᠨ ᠰᠢᠯᠭᠠᠯᠳᠠ ᠳᠤ ᠴᠤᠯᠭᠤᠷᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠦᠴᠤᠸᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠳᠤᠤᠷ᠎ᠠ᠂ ᠶᠠᠨ ᠬᠦ ᠹᠠᠩ ᠪᠦᠯᠦᠭᠯᠡᠯ ᠠᠴᠠ ︽ᠨᠣᠬᠠᠢ ᠶᠢᠨ ᠬᠤᠰᠢᠭᠤ ᠶᠢᠨ ᠨᠤᠲᠤᠭ︾ ᠪᠣᠯᠬᠤ ᠦᠴᠤᠸᠠᠨ ᠰᠢᠶᠠᠨ ᠳᠤ ︽ᠦᠴᠤᠸᠠᠨ ᠰᠢᠶᠠᠨ ᠤ ᠨᠣᠬᠠᠢ ᠶᠢᠨ ᠬᠤᠰᠢᠭᠤ — ᠳᠤᠮᠳᠠᠳᠤ ᠤᠯᠤᠰ ᠤᠨ ᠴᠢᠬᠤᠯᠠ ᠲᠠᠷᠢᠶᠠᠯᠠᠬᠤ ᠰᠣᠶᠣᠯ ᠤᠨ ᠦᠪ ᠤᠨ ᠳᠡᠯᠭᠡᠨ ᠦᠵᠡᠭᠦᠯᠬᠦ ᠦᠵᠡᠰᠭᠦᠯᠡᠩ ᠤᠨ ᠣᠷᠳᠣᠨ︾ ᠢ ᠪᠠᠶᠢᠭᠤᠯᠵᠤ᠂ ᠦᠴᠤᠸᠠᠨ ᠰᠢᠶᠠᠨ ᠤ ᠨᠣᠬᠠᠢ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠢ ᠳᠠᠷᠢᠶᠠᠯᠠᠭ᠎ᠠ ᠶᠢᠨ ᠰᠢᠰᠲ᠋ᠧᠮ ᠤᠨ ᠬᠠᠮᠠᠭᠠᠯᠠᠯᠲᠠ᠂ ᠤᠯᠠᠮᠵᠢᠯᠠᠯ ᠪᠠ ᠠᠰᠢᠭᠯᠠᠯᠲᠠ ᠶᠢ ᠴᠢᠩᠭᠠᠳᠬᠠᠵᠠᠢ᠃       ᠣᠶᠢᠷ᠎ᠠ ᠶᠢᠨ ᠵᠢᠯ ᠳᠤ᠂ ᠦᠴᠤᠸᠠᠨ ᠰᠢᠶᠠᠨ ᠤ ᠨᠣᠬᠠᠢ ᠶᠢᠨ ᠬᠤᠰᠢᠭᠤ᠂ ᠨᠦᠯ ᠪᠤᠭᠤᠳᠠᠢ᠂ ᠲᠥᠮᠥᠰᠥ ᠶᠢᠨ ᠲᠠᠷᠢᠶᠠᠯᠠᠩ ᠤᠨ ᠪᠦᠲᠦᠭᠡᠭᠳᠡᠭᠦᠨ ᠤ ᠬᠡᠪᠴᠢᠶᠡᠵᠢᠯᠲᠡ᠂ ᠠᠵᠤ ᠦᠢᠯᠡᠰᠵᠢᠯᠲᠡ᠂ ᠳᠡᠭᠡᠳᠦ ᠳᠡᠰ ᠤᠨ ᠬᠥᠭᠵᠢᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠡᠢ᠃ ᠦᠴᠤᠸᠠᠨ ᠰᠢᠶᠠᠨ ᠤ ᠨᠣᠬᠠᠢ ᠶᠢᠨ ᠬᠤᠰᠢᠭᠤ ᠳᠤᠮᠳᠠᠳᠤ ᠤᠯᠤᠰ ᠤᠨ ᠴᠢᠬᠤᠯᠠ ᠲᠠᠷᠢᠶᠠᠯᠠᠬᠤ ᠰᠣᠶᠣᠯ ᠤᠨ ᠥᠪ ᠲᠤ ᠰᠣᠩᠭᠤᠭᠳᠠᠨ ᠣᠷᠣᠭᠰᠠᠨ ᠨᠢ ᠦᠴᠤᠸᠠᠨ ᠰᠢᠶᠠᠨ ᠤ ᠲᠠᠷᠢᠶᠠᠯᠠᠩ ᠤᠨ ᠪᠦᠲᠦᠭᠡᠭᠳᠡᠭᠦᠨ ᠤ ᠲᠥᠷᠥᠯ ᠲᠡᠮᠳᠡᠭ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠤᠭᠰᠠᠨ ᠪᠥᠭᠡᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠤᠯᠤᠨ᠎ᠠ᠃ ᠦᠴᠤᠸᠠᠨ ᠰᠢᠶᠠᠨ ᠤ ᠵᠠᠰᠠᠭ ᠤᠨ ᠣᠷᠳᠣᠨ ᠨᠣᠬᠠᠢ ᠶᠢᠨ ᠬᠤᠰᠢᠭᠤ ᠶᠢᠨ ᠪᠣᠬᠢᠷᠲᠤᠯ ᠥᠬᠡᠢ ᠳᠡᠭᠡᠳᠦ ᠳᠡᠰ ᠤᠨ ᠬᠥᠭᠵᠢᠯᠲᠡ ᠪᠠ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡ ᠳᠤ ᠦᠷᠭᠦᠯᠵᠢᠯᠡᠨ ᠠᠩᠬᠠᠷᠤᠯ ᠢᠶᠠᠨ ᠬᠠᠨᠳᠤᠭᠤᠯᠵᠤ᠂ ᠨᠣᠬᠠᠢ ᠶᠢᠨ ᠬᠤᠰᠢᠭᠤ ᠶᠢᠨ ᠲᠠᠷᠢᠶᠠᠯᠠᠬᠤ ᠰᠣᠶᠣᠯ ᠤᠨ ᠦᠪ ᠤᠨ ᠣᠳᠣ ᠦᠶ᠎ᠡ ᠶᠢᠨ ᠦᠨ᠎ᠡ ᠥᠷᠲᠡᠭ ᠢ ᠲᠠᠰᠤᠷᠠᠯᠲᠠ ᠥᠬᠡᠢ ᠠᠭᠤᠳᠠᠯᠵᠤ ᠪᠤᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号