ᠲᠦᠩᠯᠢᠶᠣᠤ ᠬᠤᠲᠠ᠄ ᠠᠵᠤ ᠦᠢᠯᠡᠰ ᠤᠨ ᠠᠭᠤᠰᠤᠯᠴᠠᠯ ᠢ ᠲᠦᠷᠭᠡᠳᠭᠡᠵᠦ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠬᠥᠴᠥᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2022/1/13
     ᠲᠥᠩᠯᠢᠶᠤᠤ ᠬᠤᠳᠠ ︽ᠳᠠᠭᠠᠭᠤᠯᠤᠭᠴᠢ ᠠᠵᠤ ᠠᠬᠤᠶᠢᠯᠠᠯ ᠢ ᠠᠳᠬᠤᠬᠤ᠂ ᠠᠵᠤ ᠦᠢᠯᠡᠰ ᠢ ᠪᠣᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢ ᠡᠭᠦᠳᠬᠦ᠂ ᠡᠩᠨᠡᠭᠡ ᠪᠠᠶᠢᠭᠤᠯᠬᠤ᠂ ᠵᠠᠬ᠎ᠠ ᠳᠡᠯᠭᠡᠭᠦᠷ ᠢ ᠥᠷᠭᠡᠳᠭᠡᠬᠦ᠂ ᠦᠷ᠎ᠡ ᠠᠰᠢᠭ ᠢ ᠨᠡᠮᠡᠭᠳᠡᠭᠦᠯᠬᠦ︾ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠨ᠂ ᠳᠠᠪᠠᠭᠤᠯᠢᠭ ᠠᠵᠤ ᠦᠢᠯᠡᠰ ᠤᠨ ᠰᠥᠷᠥᠭᠵᠢᠯ ᠤᠨ ᠬᠡᠯᠬᠢᠶᠡᠵᠢᠬᠦ ᠶᠢ ᠦᠷᠭᠦᠯᠵᠢᠯᠡᠨ ᠴᠢᠩᠭᠠᠤᠡᠬᠠᠵᠤ᠂ ᠠᠵᠤ ᠦᠢᠯᠡᠰ ᠤᠨ ᠠᠭᠤᠰᠤᠯᠴᠠᠯ ᠢ ᠪᠦᠬᠦ ᠲᠠᠯ᠎ᠠ ᠪᠠᠷ ᠠᠬᠢᠭᠤᠯᠥᠨ᠂ ᠬᠥᠳᠡᠭᠡ ᠲᠤᠰᠬᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ᠃    ᠲᠠᠭᠠᠭᠤᠯᠤᠬᠴᠢ ᠠᠵᠤ ᠠᠬᠤᠶᠢᠯᠠᠯ ᠤᠨ ᠲᠠᠶᠢᠴᠢᠯᠠᠬᠤ ᠴᠢᠳᠠᠪᠤᠷᠢ ᠦᠷᠭᠦᠯᠵᠢᠯᠡᠨ ᠨᠡᠮᠡᠭᠳᠡᠪᠡ᠃ 2021 ᠤᠨ ᠳᠤ ᠪᠥᠬᠦ ᠬᠤᠲᠠ ᠳᠤ ᠬᠤᠲᠠ ᠶᠢᠨ ᠲᠠᠰ ᠠᠴᠠ ᠳᠡᠭᠡᠭᠰᠢ ᠭᠤᠣᠯᠳᠠᠯᠭ᠎ᠠ ᠲᠠᠢ ᠳᠠᠭᠠᠭᠤᠯᠤᠬᠴᠢ ᠠᠵᠤ ᠠᠬᠤᠶᠢᠯᠠᠯ 33 ᠰᠢᠨ᠎ᠡ ᠪᠠᠷ ᠨᠡᠮᠡᠭᠳᠡᠨ᠂ ᠨᠡᠶᠢᠲᠡ 112 ᠳᠠᠭᠠᠭᠤᠯᠤᠬᠴᠢ ᠠᠵᠤ ᠠᠬᠤᠶᠢᠯᠠᠯ ᠲᠠᠢ ᠪᠤᠯᠵᠤ᠂ ᠵᠢᠯ ᠤᠨ ᠦᠢᠯᠡᠳᠭᠦᠨ ᠤ ᠥᠷᠲᠡᠭ ᠵᠢᠱᠢᠯᠲᠡ ᠪᠠᠷ 210 ᠳ᠋ᠦᠩᠰᠢᠭᠤᠷ ᠲᠦᠭᠦᠷᠢᠭ ᠲᠤ ᠬᠥᠷᠴᠡᠢ᠃ ᠭᠤᠣᠯᠳᠠᠯᠭ᠎ᠠ ᠲᠠᠢ ᠳᠠᠭᠠᠭᠤᠯᠤᠬᠴᠢ ᠠᠵᠤ ᠠᠬᠤᠶᠢᠯᠠᠯ ᠤᠨ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠪᠠᠶᠢᠭᠤᠯᠤᠭᠰᠠᠨ ᠬᠠᠷᠢᠴᠠᠯ ᠨᠢ 83% ᠳᠤ ᠬᠦᠷᠴᠦ᠂ 35 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠡᠷᠦᠭᠡ ᠶᠢ ᠳᠠᠶᠢᠴᠢᠯᠠᠪᠠ᠃ ᠬᠤᠷᠴᠢᠨ ᠮᠢᠬᠠᠨ ᠤ ᠦᠬᠡᠷ ᠵᠡᠷᠭᠡ 9 ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ  ᠬᠤᠲᠠ ᠶᠢᠨ ᠲᠠᠰ ᠤᠨ ᠠᠩᠬᠠᠳᠠᠭᠴᠢ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠲᠣᠭᠲᠠᠭᠠᠵᠠᠢ᠃ ᠪᠥᠬᠦ ᠬᠤᠲᠠ ᠶᠢᠨ ᠲᠠᠷᠢᠶᠠᠯᠠᠩ ᠤᠨ ᠪᠥᠲᠥᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠵᠤ ᠪᠠᠶᠢᠭ᠎ᠠ ᠨᠣᠷᠮ᠎ᠠ 68% ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 2 ᠬᠤᠪᠢ ᠳᠡᠭᠡᠭᠰᠢᠯᠡᠭᠰᠡᠨ ᠪᠠᠶᠢᠨ᠎ᠠ᠃    ᠮᠠᠯᠴᠢᠨ ᠲᠠᠷᠢᠶᠠᠴᠢᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠲᠠᠷᠢᠶᠠᠴᠢᠳ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠭᠡ ᠪᠠᠷ ᠪᠣᠶᠢᠵᠢᠭᠤᠯᠤᠨ ᠬᠦᠭᠵᠢᠭᠦᠯᠵᠦ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠲᠤᠰᠬᠠᠢ ᠠᠵᠢᠯ ᠤᠨ ᠬᠤᠷᠰᠢᠶ᠎ᠠ 7930 ᠳᠤ ᠬᠦᠷᠴᠦ᠂ 7.8 ᠲᠦᠮᠡᠨ ᠭᠡᠰᠢᠭᠦᠨ ᠢ ᠬᠤᠷᠰᠢᠶᠠᠨ ᠳᠤ ᠣᠷᠣᠭᠤᠯᠥᠨ᠂ 10.06 ᠲᠦᠮᠡᠨ ᠡᠷᠦᠭᠡ ᠶᠢ ᠳᠠᠶᠢᠴᠢᠯᠠᠵᠠᠢ᠃ 2021ᠣᠨ ᠳᠤ᠂ 926 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠵᠤ᠂ ᠶᠡᠷᠦᠩᠬᠡᠶ ᠲᠤᠭ᠎ᠠ ᠨᠢ 3846 ᠳᠤ ᠬᠥᠷᠴᠥ᠂ 153 ᠵᠢᠱᠢᠶ᠎ᠡ ᠦᠵᠡᠭᠦᠯᠬᠦ ᠴᠢᠨᠠᠷᠲᠠᠶ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠵᠤ᠂ ᠶᠡᠷᠦᠩᠬᠡᠶ ᠲᠤᠭ᠎ᠠ ᠨᠢ 602 ᠪᠣᠯᠪᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 2515 ᠳᠤ ᠬᠦᠷᠭᠡᠵᠦ᠂ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠤᠭᠰᠠᠨ ᠲᠠᠯᠠᠪᠠᠶ 533 ᠲᠦᠮᠡᠨ ᠮᠦ ᠳᠤ ᠬᠥᠷᠴᠥ᠂ ᠡᠷᠭᠢᠯᠲᠡ ᠳᠤ ᠣᠷᠤᠭᠤᠯᠤᠭᠰᠠᠨ ᠲᠠᠯᠠᠪᠠᠶ ᠶᠢ 414 ᠲᠦᠮᠡᠨ ᠮᠦ ᠳᠤ ᠬᠦᠷᠭᠡᠵᠠᠢ᠃      ᠠᠵᠤ ᠦᠢᠯᠡᠰ ᠤᠨ ᠡᠷᠴᠢᠮᠵᠢᠵᠤ ᠲᠦᠪᠯᠡᠷᠡᠭᠰᠡᠨ ᠬᠦᠭᠵᠢᠯᠲᠡ ᠨᠢ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠠᠵᠤ ᠦᠢᠯᠡᠰ ᠤᠨ ᠠᠭᠤᠰᠤᠯᠴᠠᠨ ᠬᠦᠭᠵᠢᠬᠦ ᠠᠴᠢᠶᠠᠯᠠᠪᠤᠷᠢ ᠶᠢ ᠢᠳᠡᠪᠬᠢᠲᠡᠶ ᠪᠠᠷ ᠪᠥᠲᠥᠭᠡᠨ ᠪᠠᠶᠢᠭᠤᠯᠵᠤ᠂ ᠦᠢᠯᠡᠳᠪᠦᠷᠢᠯᠡᠯ ᠤᠨ ᠬᠦᠴᠦᠨ ᠵᠦᠢᠯ ᠢ ᠲᠥᠪᠯᠡᠷᠡᠭᠦᠯᠬᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠬᠦ᠂ ᠲᠦᠷᠦ ᠶᠢᠨ ᠪᠣᠳᠣᠯᠭ᠎ᠠ ᠶᠢᠨ ᠪᠠᠯᠠ ᠮᠥᠩᠭᠦ ᠶᠢ ᠨᠡᠶᠢᠳᠭᠡᠬᠦ ᠶᠢ ᠠᠬᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠦᠭᠵᠢᠯᠲᠡ ᠶᠢᠨ ᠥᠯᠢᠭᠡᠷ ᠳᠠᠭᠤᠷᠢᠶᠠᠯ ᠢ ᠬᠦᠴᠦᠯᠡᠨ ᠡᠭᠦᠳᠴᠠᠢ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠮᠢᠬᠠᠨ ᠤ ᠦᠬᠡᠷ ᠤᠨ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠥᠨ᠂ ᠺᠠᠶᠢᠯᠦ ᠶᠢᠨ ᠤᠯᠠᠭᠠᠨ ᠯᠠᠵᠤᠤ ᠶᠢᠨ ᠥᠪᠡᠷᠲᠡᠭᠡᠨ ᠵᠠᠰᠠᠬᠤ ᠣᠷᠤᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠶᠠᠭ ᠲᠦᠷᠭᠡᠳᠬᠡᠨ ᠪᠠᠶᠢᠭᠤᠯᠵᠤ᠂ ᠬᠤᠷᠴᠢᠨ ᠲᠤᠭᠤᠷᠢᠭ ᠤᠨ ᠡᠷᠳᠡᠨᠢ ᠰᠢᠰᠢ᠂ ᠬᠤᠷᠴᠢᠨ ᠵᠡᠭᠦᠨ ᠭᠠᠷᠤᠨ ᠬᠤᠶᠢᠲᠦ ᠬᠤᠰᠢᠭᠤᠨ ᠤ ᠮᠢᠬᠠᠨ ᠤ ᠦᠬᠡᠷ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠠᠭᠠᠯᠢ ᠶᠢᠨ ᠦᠨᠢᠶ᠎ᠡ᠂ ᠨᠠᠢᠮᠠᠨ ᠬᠤᠰᠢᠭᠤᠨ ᠤ ᠠᠮᠲᠠᠲᠤ ᠲᠥᠮᠥᠰᠥ ᠵᠡᠷᠭᠡ ᠨᠢ ᠠᠩᠬᠠᠳᠠᠬᠴᠢ ᠪᠦᠯᠦᠭ ᠬᠤᠲᠠ ᠶᠢᠨ ᠲᠠᠰ ᠤᠨ ᠠᠵᠤ ᠦᠢᠯᠡᠰ ᠤᠨ ᠬᠦᠷᠢᠶᠡᠯᠡᠩ ᠢ ᠠᠮᠵᠢᠯᠲᠡ ᠲᠠᠢ ᠡᠭᠦᠳᠦᠨ ᠪᠠᠶᠢᠭᠤᠯᠪᠠ᠃ ᠬᠤᠷᠴᠢᠨ ᠤ ᠮᠢᠬᠠᠨ ᠤ ᠦᠬᠡᠷ ᠤᠨ ᠳᠠᠪᠠᠭᠤᠯᠢᠭ ᠪᠥᠬᠦᠢ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠡᠭᠦᠳᠥᠨ ᠪᠠᠶᠢᠭᠤᠯᠬᠤ ᠲᠥᠷᠥᠯ ᠵᠥᠢᠯ ᠨᠢ ᠵᠥᠪᠰᠢᠶᠡᠷᠡᠭᠳᠡᠵᠤ᠂ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠤᠢ᠃ ᠤᠳᠤ ᠪᠥᠬᠦ ᠬᠤᠲᠠ ᠶᠢᠨ ᠤᠯᠤᠰ ᠤᠨ ᠲᠠᠰ ᠤᠨ ᠣᠨᠴᠠᠯᠢᠬᠳᠤ ᠲᠠᠷᠢᠶᠠᠯᠠᠩ ᠤᠨ ᠪᠦᠲᠦᠭᠡᠭᠳᠡᠭᠦᠨ ᠤ ᠳᠠᠪᠠᠭᠤᠯᠢᠬ ᠣᠷᠣᠨ 2 ᠪᠣᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠨᠴᠠᠯᠢᠬᠳᠤ ᠲᠠᠷᠢᠶᠠᠯᠠᠩ ᠤᠨ ᠪᠦᠲᠦᠭᠡᠭᠳᠡᠭᠦᠨ ᠤ ᠳᠠᠪᠠᠭᠤᠯᠢᠬ ᠣᠷᠣᠨ 3 ᠪᠤᠯᠪᠠ᠃    ᠠᠵᠤ ᠦᠢᠯᠡᠰ ᠤᠨ ᠴᠢᠳᠠᠮᠵᠢ ᠶᠢ ᠤᠷᠲᠤᠳᠬᠠᠨ ᠥᠷᠭᠡᠳᠭᠡᠪᠡ᠃ 21 ᠰᠢᠨ᠎ᠡ ᠬᠡᠯᠪᠡᠷᠢ ᠶᠢᠨ ᠡᠵᠡᠩᠨ᠋ᠨᠯᠲᠡ ᠶᠢᠨ ᠭᠤᠣᠯ ᠴᠣᠭᠴᠠ ᠨᠢ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠭᠦᠨ ᠢ ᠬᠥᠮᠥᠷᠭᠡᠯᠡᠨ ᠬᠠᠳᠠᠭᠠᠯᠠᠬᠤ ᠬᠦᠢᠲᠡᠨ ᠢᠶᠠᠷ ᠬᠦᠷᠬᠡᠬᠦ ᠪᠠᠷᠠᠭᠠᠨ ᠤ ᠭᠦᠢᠯᠭᠡᠭᠡᠨ ᠤ ᠲᠦᠭᠦᠭᠡᠷᠦᠮᠵᠢ ᠶᠢᠨ ᠲᠥᠷᠥᠯ ᠵᠥᠢᠯ ᠢ ᠭᠤᠶᠤᠴᠢᠯᠠᠨ ᠮᠡᠳᠡᠭᠦᠯᠵᠦ᠂ ᠤᠳᠤ ᠶᠠᠭ ᠱᠠᠭᠠᠷᠳᠠᠯᠭ᠎ᠠ ᠶᠣᠰᠣᠭᠠᠷ ᠲᠦᠷᠭᠡᠳᠬᠡᠨ ᠪᠦᠳᠦᠭᠡᠨ ᠪᠠᠶᠢᠭᠤᠯᠵᠤ ᠪᠤᠢ᠃ ᠬᠥ᠋ ᠷᠦᠨ ᠮᠢᠬᠠᠨ ᠤ ᠦᠢᠯᠡᠰ᠂ ᠤᠣ ᠹᠤᠩ ᠠᠮᠤ ᠲᠣᠰᠣ᠂ ᠮᠤᠩ ᠰᠢᠨ ᠬᠤᠨᠢᠨ ᠤ ᠦᠢᠯᠡᠰ ᠵᠡᠷᠭᠡ ᠨᠢ ᠭᠤᠸᠠᠩᠳᠦ᠋ᠩ ᠰᠢᠶᠠᠩᠭᠠᠩ ᠣᠣᠮᠧᠨ ᠤ ︽ᠢᠳᠡᠰᠢᠨ ᠨᠣᠭᠤᠭ᠎ᠠ︾ ᠶᠢᠨ ᠦᠢᠯᠡᠳᠪᠦᠷᠢᠯᠡᠯ ᠤᠨ ᠰᠠᠭᠤᠷᠢᠨ ᠢᠶᠠᠷ ︵ᠨᠠᠢᠮᠠᠲᠤᠭᠠᠷ ᠪᠦᠯᠦᠭ︶ ᠬᠢᠨᠡᠨ ᠲᠣᠭᠲᠠᠭᠠᠭᠰᠠᠨ ᠨᠡᠷᠡᠰ ᠲᠤ ᠰᠤᠩᠭᠤᠭᠳᠠᠨ ᠣᠷᠣᠵᠤ᠂ ᠴᠢᠨᠠᠷ ᠰᠠᠶᠢᠲᠠᠢ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠣᠷᠣᠯᠠᠭᠤᠯᠭ᠎ᠠ ᠶᠢᠨ ᠵᠠᠮ ᠢ ᠴᠢᠨᠠᠬᠰᠢᠳᠡ ᠥᠷᠭᠡᠳᠭᠡᠪᠡ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠧᠩ ᠯᠢ ᠰᠢᠶᠠᠩ ᠤᠨ ᠰᠢᠶᠣᠣ ᠵᠢᠶᠠ ᠶᠣᠣ ᠲᠤᠰᠬᠤᠨ ᠪᠦᠬᠦ ᠤᠯᠤᠰ ᠤᠨ ︽ᠨᠢᠭᠡ ᠲᠤᠰᠬᠤᠨ ᠨᠢᠭᠡ ᠭᠤᠤᠯᠯᠠᠬᠴᠢ ᠪᠥᠲᠥᠭᠡᠭᠳᠡᠭᠦᠨ ᠪᠠ ᠠᠵᠤ ᠥᠢᠯᠡᠰ ᠲᠠᠢ ᠪᠠᠶᠢᠬᠤ︾ ᠵᠢᠱᠢᠶ᠎ᠡ ᠦᠵᠡᠭᠦᠯᠬᠦ ᠲᠤᠰᠬᠤᠨ ᠪᠠᠯᠭᠠᠰᠤ ᠪᠠᠷ ᠦᠨᠡᠯᠡᠭᠳᠡᠵᠦ᠂ 63 ᠲᠤᠰᠬᠤᠨ ᠪᠠᠯᠭᠠᠰᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ︽ᠨᠢᠭᠡ ᠲᠤᠰᠬᠤᠨ ᠨᠢᠭᠡ ᠭᠤᠤᠯᠯᠠᠬᠴᠢ ᠪᠥᠲᠥᠭᠡᠭᠳᠡᠭᠦᠨ ᠪᠠ ᠠᠵᠤ ᠥᠢᠯᠡᠰ ᠲᠠᠢ ᠪᠠᠶᠢᠬᠤ︾ ᠵᠢᠱᠢᠶ᠎ᠡ ᠦᠵᠡᠭᠦᠯᠬᠦ ᠲᠤᠰᠬᠤᠨ ᠪᠠᠯᠭᠠᠰᠤ ᠪᠠᠷ ᠦᠨᠡᠯᠡᠭᠳᠡᠵᠡᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号