ᠬᠦᠬᠡᠬᠤᠳᠠ ᠶᠢᠨ ᠡᠷᠳᠡᠨᠢ ᠰᠢᠰᠢ ᠶᠢᠨ ᠦᠨ᠎ᠡ ᠬᠠᠩᠰᠢ ᠵᠢᠩ ᠪᠦᠷᠢ ᠳᠡᠭᠡᠨ 1.33 — 1.35 ᠲᠥᠭᠦᠷᠢᠭ ᠲᠤ ᠬᠦᠷᠴᠦ ᠪᠤᠢ
ᠨᠡᠶᠢᠲᠡᠯᠡᠭᠰᠡᠨ ᠴᠠᠭ᠄
2022/1/13
     ᠬᠦᠬᠡᠬᠤᠳᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠪᠠᠶᠢᠴᠠᠭᠠᠨ ᠰᠤᠳᠤᠯᠤᠯᠲᠠ ᠶᠢ ᠦᠨᠳᠦᠰᠦᠯᠡᠪᠠᠯ᠂ ᠨᠢᠳᠤᠨᠤᠨ ᠬᠦᠬᠡᠬᠤᠳᠠ ᠶᠢᠨ ᠡᠯ᠎ᠡ ᠬᠤᠰᠢᠭᠤ ᠰᠢᠶᠠᠨ ᠤ ᠡᠷᠳᠡᠨᠢ ᠰᠢᠰᠢ ᠶᠢᠨ ᠤᠨᠠᠯᠲᠠ ᠳᠡᠭᠡᠷ᠎ᠡ ᠵᠢᠯ ᠤᠨ ᠬᠢ ᠠᠴᠠ ᠪᠠᠨ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠤ᠂ 2021 ᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠤᠭᠤᠴᠠᠭᠠᠨ ᠳᠤ ᠣᠷᠣᠭᠰᠠᠨ ᠠᠴᠠ ᠨᠠᠭᠠᠰᠢ ᠬᠦᠭᠡᠬᠤᠲᠠ ᠶᠢᠨ ᠡᠷᠳᠡᠨᠢ ᠰᠢᠰᠢ ᠶᠢᠨ ᠦᠨ᠎ᠡ ᠬᠠᠩᠰᠢ ᠶᠡᠷᠦᠩᠭᠡᠢ ᠳᠡᠭᠡᠨ ᠲᠣᠭᠲᠠᠭᠤᠨ ᠤ ᠳᠤᠮᠳᠠ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠤᠯᠪᠠᠴᠦ 2020 ᠣᠨ ᠤ ᠬᠠᠮᠤᠭ ᠤᠨ ᠥᠨᠳᠥᠷ ᠲᠡᠭᠡᠨ ᠵᠢᠩ ᠪᠦᠷᠢ ᠳᠤ 1.5 ᠲᠦᠭᠦᠷᠢᠭ ᠲᠤ ᠬᠦᠷᠴᠦ ᠪᠠᠶᠢᠭᠰᠠᠨ ᠦᠨ᠎ᠡ ᠶᠢ ᠳᠠᠪᠠᠭ᠎ᠠ ᠥᠬᠡᠢ ᠪᠠᠶᠢᠨ᠎ᠠ᠃      ᠣᠶᠢᠯᠠᠭᠠᠭᠰᠠᠨ ᠢᠶᠠᠷ᠂ ᠨᠢᠳᠤᠨᠤᠨ ᠤ 10 ᠰᠠᠷ᠎ᠠ ᠶᠢᠨ ᠳᠤᠮᠳᠠᠴᠢ ᠪᠠᠷ ᠬᠦᠬᠡᠬᠤᠲᠠ ᠶᠢᠨ ᠡᠷᠳᠡᠨᠢ ᠰᠢᠰᠢ ᠬᠤᠳᠠᠯᠳᠤᠨ ᠠᠪᠬᠤ ᠦᠨ᠎ᠡ ᠬᠠᠩᠰᠢ ᠵᠢᠩ ᠪᠦᠷᠢ ᠳᠡᠭᠡᠨ 1.2 ᠲᠥᠭᠦᠷᠢᠭ ᠣᠷᠴᠢᠮ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠥᠨᠳᠥᠷ ᠪᠠᠶᠢᠵᠤ 4.34% ᠪᠠᠷ ᠥᠰᠴᠠᠢ᠃ 12 ᠰᠠᠷ᠎ᠠ ᠶᠢᠨ ᠡᠬᠢᠨ ᠪᠣᠯᠬᠤ ᠳᠤ᠂ ᠡᠷᠳᠡᠨᠢ ᠰᠢᠰᠢ ᠬᠤᠳᠠᠯᠳᠤᠨ ᠠᠪᠬᠤ ᠦᠨ᠎ᠡ ᠬᠠᠩᠰᠢ ᠨᠢ ᠵᠢᠩ ᠪᠦᠷᠢ ᠳᠡᠭᠡᠨ 1.33 — 1.35 ᠲᠥᠭᠦᠷᠢᠭ ᠪᠠᠶᠢᠵᠤ᠂ 8.3% — 12.5% ᠪᠠᠷ ᠥᠰᠴᠡᠢ᠃      ᠬᠦᠬᠡᠬᠤᠳᠠ ᠶᠢᠨ ᠡᠷᠳᠡᠨᠢ ᠰᠢᠰᠢ ᠶᠢᠨ ᠦᠨ᠎ᠡ ᠬᠠᠩᠰᠢ ᠶᠢᠨ ᠬᠠᠨᠳᠤᠰᠢ ᠶᠢ ᠨᠥᠯᠥᠭᠡᠯᠡᠵᠤ ᠪᠠᠶᠢᠭ᠎ᠠ ᠭᠤᠤᠯ ᠬᠦᠴᠦᠨ ᠵᠦᠢᠯ ᠭᠡᠪᠡᠯ᠂ ᠠᠮᠤ ᠪᠤᠳᠠᠭᠠᠨ ᠤ ᠤᠨᠠᠯᠳᠠ ᠶᠢᠨ ᠨᠡᠮᠡᠭᠳᠡᠯ ᠨᠢ ᠡᠷᠳᠡᠨᠢ ᠰᠢᠰᠢ ᠶᠢᠨ ᠦᠨ᠎ᠡ ᠬᠠᠩᠰᠢ ᠶᠢᠨ ᠦᠰᠦᠯᠳᠡ ᠶᠢᠨ ᠬᠠᠨᠳᠤᠰᠢ ᠶᠢ ᠬᠤᠷᠢᠭᠯᠠᠵᠤ ᠪᠤᠢ︔ ᠲᠠᠷᠢᠶᠠᠯᠠᠬᠤ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠢᠳᠡᠪᠬᠢᠵᠢᠯ ᠥᠨᠳᠥᠷ ᠪᠢᠰᠢ ᠪᠠᠶᠢᠨ᠎ᠠ᠃ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢ ᠦᠨᠳᠦᠰᠦᠯᠡᠪᠡᠯ᠂ ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠬᠤ ᠢᠳᠡᠪᠬᠢᠵᠢᠯ ᠥᠩᠭᠡᠷᠡᠭᠰᠡᠨ ᠵᠢᠯ ᠤᠳ ᠤᠨ ᠬᠢ ᠠᠴᠠ ᠪᠠᠭᠤᠷᠠᠭᠰᠠᠨ ᠤ ᠭᠤᠤᠯ ᠰᠢᠯᠲᠠᠭᠠᠨ ᠭᠡᠪᠡᠯ᠂ ᠨᠢᠭᠡ ᠳᠤ 2020 ᠣᠨ ᠳᠤ ᠡᠷᠳᠡᠨᠢ ᠰᠢᠰᠢ ᠶᠢᠨ ᠦᠨ᠎ᠡ ᠤᠷᠢᠳ ᠢᠶᠠᠷ ᠪᠠᠭᠤᠷᠠᠵᠤ ᠰᠡᠭᠦᠯᠡᠷ ᠨᠢ ᠥᠰᠦᠭᠰᠡᠨ ᠠᠴᠠ ᠪᠣᠯᠵᠤ᠂ ᠣᠯᠠᠩᠬᠢ ᠲᠠᠷᠢᠶᠠᠯᠠᠬᠤ ᠡᠷᠦᠬᠡ ᠶᠢᠨ ᠬᠢᠨ ᠵᠠᠬ᠎ᠠ ᠳᠡᠯᠭᠡᠭᠦᠷ ᠤᠨ ᠪᠠᠶᠢᠳᠠᠯ ᠢ ᠠᠵᠢᠭᠯᠠᠨ᠂ ᠠᠮᠤ ᠪᠤᠳᠠᠭ᠎ᠠ ᠬᠤᠳᠠᠯᠳᠤᠬᠤ ᠢᠳᠡᠪᠬᠢᠵᠢᠯ ᠨᠢ ᠥᠨᠳᠥᠷ ᠪᠢᠰᠢ ᠪᠣᠯᠵᠠᠢ᠃ ᠬᠤᠶᠠᠷ ᠲᠤ ᠲᠠᠷᠢᠶᠠᠯᠠᠩ ᠳᠤ ᠬᠡᠷᠡᠭᠯᠡᠭᠦ ᠡᠳ᠋ ᠪᠤᠳᠠᠰ ᠤᠨ ᠥᠪᠡᠷ ᠤᠨ ᠥᠷᠲᠡᠭ ᠤᠨ ᠦᠨ᠎ᠡ ᠬᠠᠩᠰᠢ ᠥᠰᠦᠭᠰᠡᠨ ᠪᠠ ᠪᠠᠶᠢᠭᠠᠯᠢ ᠶᠢᠨ ᠭᠠᠮᠰᠢᠭ ᠤᠨ ᠨᠦᠯᠦᠭᠡ ᠠᠴᠠ ᠪᠣᠯᠵᠤ᠂ ᠡᠷᠳᠡᠨᠢ ᠰᠢᠰᠢ ᠶᠢᠨ ᠤᠨᠠᠯᠲᠠ ᠪᠠᠭᠠᠰᠤᠭᠰᠠᠨ ᠬᠡᠬᠦ ᠳᠠᠷᠢᠶᠠᠴᠢᠳ ᠤᠨ ᠪᠤᠳᠤᠯ ᠢ ᠨᠡᠮᠡᠭᠳᠡᠭᠦᠯᠵᠤ᠂ ᠳᠠᠷᠢᠶᠠᠯᠠᠬᠤ ᠡᠷᠦᠬᠡ ᠶᠢᠨ ᠬᠢᠨ ᠳᠤ ᠡᠷᠳᠡᠨᠢ ᠰᠢᠰᠢ ᠪᠠᠨ ᠬᠤᠳᠠᠯᠳᠤᠬᠤ ᠠᠴᠠ ᠪᠠᠨ ᠬᠠᠶᠢᠷᠠᠯᠠᠬᠤ ᠦᠵᠡᠭᠳᠡᠯ ᠡᠭᠦᠰᠴᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号