ᠮᠠᠨ ᠤ ᠤᠷᠤᠨ ᠤ 2 ᠬᠡᠷ ᠪᠦᠯᠢ ᠶᠢᠨ ᠮᠠᠯᠵᠢᠯ ᠤᠨ ᠲᠠᠯᠠᠪᠠᠢ ᠪᠥᠬᠦ ᠤᠯᠤᠰ ᠤᠨ ᠨᠡᠶᠢᠲᠡᠯᠢᠭ ᠵᠢᠱᠢᠶ᠎ᠡ ᠪᠠᠷ ᠳᠤᠳᠤᠷᠠᠪᠠ
ᠨᠡᠶᠢᠲᠡᠯᠡᠭᠰᠡᠨ ᠴᠠᠭ᠄
2022/1/17
     ᠣᠶᠢᠷ᠎ᠠ ᠳᠤ᠂ ᠬᠥᠳᠡᠭᠡ ᠠᠵᠤ ᠠᠬᠤᠶ ᠬᠥᠳᠡᠭᠡ ᠲᠤᠰᠬᠤᠨ ᠤ ᠶᠠᠮᠤᠨ ᠠᠴᠠ ᠨᠡᠶᠢᠲᠡᠯᠡᠭᠰᠡᠨ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ 47 ᠨᠡᠶᠢᠲᠡᠯᠢᠭ ᠵᠢᠱᠢᠶ᠎ᠡ ᠶᠢᠨ ᠳᠤᠳᠤᠷ᠎ᠠ᠂ ᠮᠠᠨ ᠤ ᠤᠷᠤᠨ ᠤ ᠤᠷᠳᠦᠰ ᠬᠤᠳᠡ ᠶᠢᠨ ᠦᠤᠰᠢᠨ ᠬᠤᠰᠢᠭᠤᠨ ᠤ ᠨᠠᠷᠢᠨᠴᠠᠶᠢᠳᠠᠮ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠪᠤᠯᠤᠨ ᠵᠠᠷᠤᠳ ᠬᠤᠰᠢᠭᠤᠨ ᠤ ᠵᠥᠩ ᠶᠢᠩ ᠬᠡᠷ ᠪᠦᠯᠢ ᠶᠢᠨ ᠮᠠᠯᠵᠢᠯ ᠤᠨ ᠲᠠᠯᠠᠪᠠᠶ ᠳᠤᠳᠤᠷᠠᠵᠠᠢ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ᠂ ᠥᠪᠡᠷ ᠤᠨ ᠥᠷᠲᠡᠭ ᠢᠶᠠᠨ ᠠᠷᠪᠢᠯᠠᠵᠤ ᠦᠷ᠎ᠡ ᠠᠰᠢᠭ ᠢᠶᠠᠨ  ᠨᠡᠮᠡᠭᠳᠡᠭᠦᠯᠦᠭᠰᠡᠨ ᠨᠠᠷᠢᠨᠴᠠᠶᠢᠳᠠᠮ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠦᠤᠰᠢᠨ ᠬᠤᠰᠢᠭᠤᠨ ᠤ ᠰᠦᠯᠳᠡ ᠰᠤᠮᠤ ᠶᠢᠨ ᠲᠦᠩᠱᠢ ᠭᠠᠴᠠᠭ᠎ᠠ ᠳᠤ ᠪᠠᠶᠢᠷᠢᠯᠠᠵᠤ᠂ ᠭᠤᠤᠯᠳᠠᠭᠤ ᠣᠷᠳᠣᠰ ᠤᠨ ᠨᠠᠷᠢᠨ ᠨᠤᠤᠰᠤᠳᠤ ᠬᠤᠨᠢ ᠵᠢᠴᠢ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠡᠷᠳᠡᠨᠢ ᠰᠢᠰᠢ ᠪᠠ ᠲᠡᠵᠢᠭᠡᠯ ᠡᠪᠡᠰᠦ ᠳᠠᠷᠢᠬᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠬᠠᠩᠭᠠᠬᠤ ᠵᠡᠷᠭᠡ ᠶᠢ ᠡᠵᠡᠩᠨᠡᠵᠦ᠂ ᠳᠠᠷᠢᠵᠤ ᠲᠡᠵᠢᠭᠡᠬᠦ ᠶᠢ ᠪᠦᠬᠦᠨ ᠢ ᠮᠠᠰᠢᠨᠴᠢᠯᠠᠪᠡ᠃ ᠮᠠᠯᠵᠢᠯ ᠤᠨ ᠲᠠᠯᠠᠪᠠᠶ ᠶᠢᠨ ᠡᠵᠡᠨ ᠴᠡᠩᠭᠡᠯ ᠨᠠᠷᠢᠨ ᠨᠤᠤᠰᠤᠳᠤ ᠢᠬᠡᠷ᠎ᠡ ᠬᠤᠷᠠᠭ᠎ᠠ ᠪᠣᠶᠢᠵᠢᠭᠤᠯᠬᠤ ᠲᠤᠷᠰᠢᠯᠲᠡ ᠶᠢᠨ ᠲᠥᠷᠥᠯ ᠵᠦᠢᠯ ᠢ ᠢᠳᠡᠪᠬᠢᠲᠡᠶ ᠬᠢᠵᠦ᠂ ᠢᠬᠡᠷ᠎ᠡ ᠬᠤᠷᠠᠭ᠎ᠠ ᠲᠤᠰᠴᠤ ᠪᠣᠶᠢᠵᠢᠭᠤᠯᠬᠤ ᠨᠣᠷᠮ᠎ᠠ ᠶᠢ ᠤᠤᠯ ᠤᠨ 25% ᠪᠠᠶᠢᠭᠰᠠᠨ ᠠᠴᠠ ᠣᠲᠣ 65% ᠪᠣᠯᠭᠠᠨ ᠳᠡᠭᠡᠭᠰᠢᠯᠡᠭᠦᠯᠵᠡᠢ᠃ ᠲᠣᠰ ᠮᠠᠯᠵᠢᠯ ᠤᠨ ᠲᠠᠯᠠᠪᠠᠶ ᠨᠢ ᠲᠤᠬᠠᠶ ᠶᠢᠨ ᠭᠠᠵᠠᠷ ᠤᠨ ᠮᠠᠯ ᠠᠵᠤ ᠠᠬᠤᠶ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠪᠰᠢᠨ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠶᠢ ᠳᠠᠭᠠᠭᠤᠯᠤᠨ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠣᠯᠤᠭᠰᠠᠨ ᠪᠠᠶᠢᠨ᠎ᠠ᠃      ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠵᠦ᠂ ᠪᠣᠬᠢᠷᠲᠤᠯ ᠥᠬᠡᠶ ᠠᠮᠢ ᠠᠬᠤᠶ ᠶᠢᠨ ᠮᠠᠯ ᠠᠵᠤ ᠠᠬᠤᠢ ᠶᠢᠨ ᠬᠦᠭᠵᠢᠯᠳᠡ ᠶᠢᠨ ᠳᠠᠭᠠᠭᠤᠯᠤᠭᠴᠢ ᠪᠣᠯᠤᠭᠰᠠᠨ ᠵᠥᠩ ᠶᠢᠩ ᠬᠡᠷ ᠪᠦᠯᠢ ᠶᠢᠨ ᠮᠠᠯᠵᠢᠯ ᠤᠨ ᠲᠠᠯᠠᠪᠠᠶ ᠵᠠᠷᠤᠳ ᠬᠤᠰᠢᠭᠤᠨ ᠤ ᠦᠨᠡᠭᠡᠴᠢ ᠰᠤᠮᠤ ᠶᠢᠨ ᠬᠤᠸᠠ ᠵᠢᠶᠧ ᠭᠠᠴᠠᠭ᠎ᠠ ᠳᠤ ᠪᠠᠶᠢᠷᠢᠯᠠᠵᠤ᠂ ᠠᠦ᠋ᠰᠲᠷᠠᠯᠢᠶ᠎ᠠ ᠶᠢᠨ ᠴᠠᠭᠠᠨ ᠬᠤᠨᠢ ᠪᠤᠯᠤᠨ ᠳ᠋ᠦ᠋ᠪᠥ᠋ᠸᠧ ᠬᠤᠨᠢ ᠲᠡᠵᠢᠭᠡᠨ ᠦᠷᠡᠵᠢᠭᠦᠯᠬᠦ ᠪᠠᠷ ᠭᠤᠤᠯᠯᠠᠵᠤ ᠪᠤᠢ᠃ ᠮᠠᠯᠵᠢᠯ ᠤᠨ ᠲᠠᠯᠠᠪᠠᠶ ᠶᠢᠨ ᠡᠵᠡᠨ ᠯᠧᠦ ᠷᠦᠢ ᠬᠦᠶ ᠬᠤᠨᠢ ᠪᠠᠨ ᠡᠭᠦᠯᠳᠡᠷ ᠰᠠᠶᠢᠵᠢᠷᠠᠭᠤᠯᠬᠤ ᠪᠠᠷ ᠲᠠᠮᠵᠢᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠪᠡ︔ ᠡᠷᠭᠢᠯᠳᠡᠳᠦ ᠲᠡᠵᠢᠭᠡᠨ ᠦᠷᠡᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠪᠡᠯᠴᠢᠭᠡᠷ ᠤᠨ ᠳᠠᠭᠠᠭᠠᠴᠠ ᠬᠦᠨᠳᠦᠷᠡᠬᠦ ᠠᠴᠠ ᠪᠣᠯᠵᠤ ᠨᠤᠳᠤᠭ ᠪᠡᠯᠴᠢᠭᠡᠷ ᠮᠠᠭᠤᠳᠠᠬᠤ ᠦᠵᠡᠭᠳᠡᠯ ᠢᠯᠡᠷᠡᠭᠦ ᠠᠴᠠ ᠪᠦᠲᠦᠮᠵᠢᠲᠡᠶ ᠵᠠᠶᠢᠯᠠᠰᠬᠢᠪᠡ︔ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠦᠪᠰᠢᠨ ᠢ ᠶᠡᠭᠡ ᠪᠠᠷ ᠳᠡᠭᠡᠭᠰᠢᠯᠡᠭᠦᠯᠵᠦ  ᠣᠳᠣᠬᠢᠴᠢᠯᠠᠭᠰᠠᠨ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠪᠠᠷᠢᠮᠵᠢᠶᠠᠵᠢᠭᠤᠯᠵᠤ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠶᠢ ᠪᠡᠶᠡᠯᠡᠭᠦᠯᠪᠡ︔ ᠨᠠᠩ ᠣᠯᠠᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠵᠠᠷᠤᠳ ᠬᠤᠰᠢᠭᠤᠨ ᠤ ᠪᠠᠶᠠᠵᠢᠯ ᠤᠨ ᠳᠠᠭᠠᠭᠤᠯᠤᠭᠴᠢ ᠪᠤᠯᠤᠭᠰᠠᠨ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号