ᠲᠠᠢ ᠫᠢᠩ ᠳ᠋ᠢ ᠪᠠᠯᠭᠠᠰᠤ ᠶᠢᠨ ᠦᠨᠳᠦᠷ ᠪᠠᠷᠢᠮᠵᠢᠶᠠᠳᠤ ᠡᠷᠳᠡᠨᠢ ᠰᠢᠰᠢ ᠶᠢᠨ ᠲᠠᠷᠢᠶᠠᠨ ᠤ ᠮᠦ ᠪᠦᠷᠢ ᠶᠢᠨ ᠳᠤᠮᠳᠠᠴᠢ ᠤᠨᠠᠯᠲᠠ 100 ᠺᠢᠯᠦᠭᠷᠡᠮ ᠨᠡᠮᠡᠭᠳᠡᠪᠡ
ᠨᠡᠶᠢᠲᠡᠯᠡᠭᠰᠡᠨ ᠴᠠᠭ᠄
2022/1/18
     ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠶᠢᠨ ᠰᠦᠩᠱᠠᠨ ᠲᠤᠭᠤᠷᠢᠭ ᠤᠨ ᠲᠠᠢ ᠫᠢᠩ ᠳ᠋ᠢ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠠᠷ ᠳᠡᠮᠵᠢᠨ᠂ ᠭᠠᠩᠳᠠᠵᠤ ᠤᠰᠤᠳᠤᠪᠠᠴᠤ ᠲᠠᠷᠢᠶᠠᠨ ᠭᠠᠵᠠᠷ ᠤᠨ ᠬᠤᠷᠢᠶᠠᠯᠲᠠ ᠶᠢ ᠪᠠᠲᠤᠯᠠᠵᠤ᠂ ᠦᠨᠡᠨ ᠬᠦ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠪᠠᠶᠢᠬᠤ ᠶᠢ ᠪᠡᠶᠡᠯᠡᠭᠦᠯᠵᠤ᠂ ᠡᠷᠳᠡᠨᠢ ᠰᠢᠰᠢ ᠶᠢᠨ ᠮᠦ ᠪᠦᠷᠢ ᠶᠢᠨ ᠳᠤᠮᠳᠠᠴᠢ ᠤᠨᠠᠯᠲᠠ ᠶᠢ 100 ᠺᠢᠯᠦᠭᠷᠡᠮ ᠨᠡᠮᠡᠭᠳᠡᠪᠡ᠃     ᠲᠠᠢ ᠫᠢᠩ ᠳ᠋ᠢ ᠪᠠᠯᠭᠠᠰᠤᠨ ᠤ ᠶᠠᠩ ᠱᠦ ᠯᠢᠨ ᠲᠤᠰᠬᠤᠨ ᠤ ᠲᠠᠷᠢᠮᠠᠯ ᠤᠨ ᠲᠣᠮᠣ ᠡᠷᠦᠬᠡ ᠰᠢᠦᠢ ᠬᠤ᠋᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ ᠪᠤᠯᠤᠭᠰᠠᠨ ᠠᠴᠠ ᠭᠠᠩ ᠬᠠᠭᠰᠠᠷᠠᠭᠠᠨ ᠪᠤᠯᠪᠠᠯ ᠤᠰᠤᠯᠠᠵᠤ᠂ ᠦᠶᠡᠷ ᠭᠠᠷᠪᠠᠯ ᠤᠰᠤ ᠲᠠᠳᠠᠷᠠᠭᠤᠯᠤᠨ᠂ ᠮᠠᠰᠢᠨ ᠮᠧᠬᠠᠨᠢᠭ ᠢ ᠨᠡᠮᠡᠭᠳᠡᠭᠦᠯᠵᠦ᠂ ᠪᠤᠷᠳᠤᠭᠤᠷ ᠢ ᠪᠠᠭᠠᠰᠬᠠᠭᠰᠠᠨ ᠠᠴᠠ ᠥᠪᠡᠷ ᠤᠨ ᠦᠷᠳᠡᠭ ᠢ ᠪᠠᠭᠤᠷᠠᠭᠤᠯᠵᠤ᠂ ᠠᠮᠤ ᠪᠤᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠪᠡ︾ ᠭᠡᠵᠦ ᠶᠠᠷᠢᠨ᠎ᠠ᠃ 2021 ᠣᠨ ᠳᠤ᠂ ᠲᠡᠷᠡ 230 ᠮᠦ ᠡᠷᠳᠡᠨᠢ ᠰᠢᠰᠢ ᠲᠠᠷᠢᠵᠤ᠂ ᠮᠦ ᠪᠦᠷᠢ ᠶᠢᠨ ᠳᠤᠮᠳᠠᠴᠢ ᠤᠨᠠᠯᠲᠠ 100 ᠺᠢᠯᠦᠭᠷᠡᠮ ᠰᠢᠬᠠᠮ ᠨᠡᠮᠡᠭᠳᠡᠵᠦ᠂ ᠪᠦᠬᠦ ᠵᠢᠯ ᠤᠨ ᠣᠷᠣᠯᠭ᠎ᠠ 4 ᠲᠦᠮᠡ ᠭᠠᠷᠤᠢ ᠲᠦᠭᠦᠷᠢᠭ ᠲᠤ ᠬᠦᠷᠴᠦ᠂ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ᠂ ᠣᠷᠣᠯᠭ᠎ᠠ ᠶᠢᠨ ᠨᠡᠮᠡᠭᠳᠡᠯ ᠨᠢ ᠲᠡᠭᠦᠨ ᠢ ᠤᠷᠮᠠᠰᠢᠭᠤᠯᠤᠨ ᠪᠠᠶᠠᠷᠯᠠᠭᠤᠯᠵᠠᠢ᠃      ᠦᠩᠭᠡᠷᠡᠭᠰᠡᠨ ᠳᠤ᠂ ᠲᠠᠢ ᠫᠢᠩ ᠳ᠋ᠢ ᠪᠠᠯᠭᠠᠰᠤᠨ ᠤ ᠲᠠᠷᠢᠮᠠᠯ ᠤᠨ ᠬᠠᠮᠢᠶᠠᠷᠤᠯᠲᠠ ᠶᠢᠨ ᠮᠡᠷᠭᠡᠵᠢᠯ ᠬᠤᠴᠣᠷᠤᠩᠭᠤᠢ᠂ ᠲᠠᠷᠢᠶᠠᠴᠢᠨ ᠡᠷᠦᠬᠡ ᠲᠠᠷᠠᠬᠠᠢ ᠪᠤᠳᠠᠷᠬᠠᠢ ᠡᠵᠡᠩᠨᠡᠵᠦ᠂ ᠤᠯᠠᠮᠵᠢᠯᠠᠯᠲᠤ ᠮᠠᠶ᠋ᠢᠭ ᠢᠶᠠᠷ ᠬᠦᠮᠦᠨ ᠤ ᠬᠦᠴᠦᠨ ᠳᠤ ᠲᠦᠰᠢᠭᠯᠡᠵᠤ᠂ ᠦᠷ᠎ᠡ ᠠᠰᠢᠭ ᠳᠣᠣᠷ᠎ᠠ᠂ ᠬᠤᠷᠢᠶᠠᠯᠲᠠ ᠮᠠᠭᠤ ᠪᠠᠶᠢᠵᠠᠢ᠃ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2011 ᠣᠨ ᠠᠴᠠ ᠡᠬᠢᠯᠡᠨ᠂ ᠲᠠᠢ ᠫᠢᠩ ᠳ᠋ᠢ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠪᠡ᠃ ᠲᠠᠷᠢᠶᠠᠨ ᠭᠠᠵᠠᠷ᠂ ᠤᠰᠤ᠂ ᠴᠠᠬᠢᠯᠭᠠᠨ᠂ ᠬᠤᠳᠳᠤᠭ᠂ ᠵᠠᠮ᠂ ᠤᠢ ᠰᠢᠭᠤᠢ᠂ ᠮᠡᠷᠭᠡᠵᠢᠯ ᠵᠡᠷᠭᠡ ᠶᠢ ᠶᠡᠷᠦᠩᠭᠡᠶᠢᠯᠡᠨ ᠰᠠᠶᠢᠵᠢᠷᠠᠭᠤᠯᠬᠤ ᠪᠠᠷ ᠲᠠᠮᠵᠢᠨ᠂ ᠲᠠᠷᠢᠶᠠᠨ ᠭᠠᠵᠠᠷ ᠤᠨ ᠰᠠᠭᠤᠷᠢ ᠲᠦᠭᠦᠭᠡᠷᠦᠮᠵᠢ ᠶᠢᠨ ᠲᠦᠪᠰᠢᠨ ᠶᠡᠭᠡ ᠪᠠᠷ ᠳᠡᠭᠡᠭᠰᠢᠯᠡᠪᠡ᠃ ᠶᠡᠭᠡ ᠬᠡᠮᠵᠢᠶᠡᠨ ᠤ ᠲᠠᠷᠢᠶᠠᠨ ᠳᠠᠯᠠᠩ᠂ ᠭᠤᠤ ᠰᠤᠪᠠᠭ ᠠᠯᠠᠭ᠎ᠠ ᠪᠤᠯᠵᠤ᠂ ᠭᠠᠵᠠᠷ ᠰᠢᠷᠤᠢ ᠶᠢᠨ ᠠᠰᠢᠭᠯᠠᠯᠲᠠ ᠶᠢᠨ ᠨᠤᠷᠮ᠎ᠠ ᠳᠡᠭᠡᠭᠰᠢᠯᠡᠵᠦ᠂ ᠲᠥᠪᠯᠡᠷᠡᠨ ᠵᠠᠯᠭᠠᠯᠳᠤᠵᠤ ᠲᠠᠷᠢᠬᠤ ᠪᠠ ᠡᠷᠴᠢᠮᠵᠢᠭᠦᠯᠦᠨ ᠡᠵᠡᠩᠨᠡᠵᠦ ᠡᠬᠢᠯᠡᠵᠡᠢ᠃      ᠶᠠᠩ ᠱᠦ ᠯᠢᠨ ᠲᠤᠰᠬᠤᠨ ᠤ ᠨᠠᠮ ᠤᠨ ᠡᠭᠦᠷ ᠤᠨ ᠱᠦᠵᠢ ᠰᠢᠦᠢ ᠫᠢᠨ ᠵᠠᠩ᠄ ︽ᠲᠠᠷᠢᠶᠠᠯᠠᠬᠤ ᠪᠦᠬᠦ ᠶᠠᠪᠤᠴᠠ ᠳᠤ ᠪᠦᠷ ᠲᠠᠷᠢᠶᠠᠯᠠᠩ ᠤᠨ ᠮᠠᠰᠢᠨ ᠬᠡᠷᠡᠭᠯᠡᠵᠦ᠂ ᠨᠡᠩ ᠥᠨᠳᠥᠷ ᠪᠦᠲᠦᠮᠵᠢᠲᠡᠢ ᠪᠣᠯᠵᠠᠢ᠃ ᠨᠡᠭᠡᠯᠡᠬᠡᠶ ᠪᠠᠷ ᠤᠰᠤᠯᠠᠬᠤ ᠶᠢ ᠡᠵᠡᠮᠳᠡᠬᠦ ᠪᠤᠯᠤᠬᠰᠠᠨ ᠠᠴᠠ ᠤᠰᠤᠯᠠᠬᠤ ᠦᠶᠡᠰ ᠨᠢᠭᠡ ᠬᠥᠮᠦᠨ ᠬᠤᠷᠢ ᠭᠤᠴᠢᠨ ᠮᠦ ᠲᠠᠷᠢᠶ᠎ᠠ ᠶᠢ ᠬᠠᠮᠢᠶᠠᠷᠴᠤ᠂ ᠨᠠᠩ ᠬᠦᠴᠦ ᠠᠷᠪᠢᠯᠠᠬᠤ ᠪᠤᠯᠪᠠ᠂ ᠣᠳᠣ ᠲᠠᠷᠢᠶᠠᠴᠢᠨ ᠲᠠᠷᠢᠶ᠎ᠠ ᠲᠠᠷᠢᠬᠤ ᠳᠤ ᠮᠠᠰᠢ ᠲᠠᠭᠠᠲᠠᠶ ᠪᠤᠯᠵᠠᠢ︾ ᠭᠡᠪᠡ᠃       ᠲᠠᠢ ᠫᠢᠩ ᠳ᠋ᠢ ᠪᠠᠯᠭᠠᠰᠤ ᠶᠢᠨ ᠨᠢᠦ ᠶᠢᠩᠽᠢ ᠲᠤᠰᠬᠤᠨ ᠤ ᠲᠠᠷᠢᠮᠠᠯ ᠤᠨ ᠲᠤᠮᠤ ᠡᠷᠦᠭᠡ ᠴᠧᠨ ᠸᠧᠨ᠄ ︽ᠮᠦᠬᠦᠯᠢᠭᠲᠦ ᠣᠷᠭᠠᠨᠢᠭ ᠪᠤᠷᠳᠤᠭᠤᠷ ᠣᠷᠣᠭᠤᠯᠵᠤ᠂ ᠲᠠᠷᠢᠶᠠᠨ ᠡᠮ ᠢ ᠪᠠᠭ᠎ᠠ ᠬᠡᠷᠡᠭᠯᠡᠭᠰᠡᠨ ᠠᠴᠠ ᠬᠥᠷᠥᠰᠥ ᠰᠢᠷᠤᠢ ᠬᠠᠲᠠᠭᠤᠷᠠᠭᠰᠠᠨ ᠦᠭᠡᠢ᠂ ᠨᠠᠷᠢᠮᠤ ᠶᠢᠨ ᠶᠠᠰᠤ ᠴᠢᠨᠠᠷ ᠨᠡᠩ ᠥᠨᠳᠥᠷ᠂ ᠠᠰᠢᠭ ᠣᠯᠵᠠᠪᠤᠷᠢ ᠨᠡᠩ ᠰᠠᠶᠢᠨ ᠪᠣᠯᠵᠠᠢ︾ ᠭᠡᠪᠡ᠃      ᠣᠳᠣ ᠪᠣᠯᠲᠠᠯ᠎ᠠ᠂ ᠲᠠᠢ ᠫᠢᠩ ᠳ᠋ᠢ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ17.3 ᠲᠦᠮᠡᠨ ᠮᠦ ᠳᠤ ᠬᠦᠷᠴᠦ᠂ ︽ᠲᠠᠷᠢᠶᠠᠨ ᠭᠠᠵᠠᠷ ᠲᠡᠭᠰᠢᠭᠡᠨ᠂ ᠬᠥᠷᠥᠰᠥ ᠰᠢᠷᠤᠢ ᠬᠡᠪᠰᠢᠭᠰᠡᠨ᠂ ᠵᠠᠮ ᠬᠠᠷᠢᠯᠴᠠᠨ ᠨᠡᠪᠲᠡᠷᠡᠬᠦ᠂ ᠬᠥᠷᠥᠰᠥ  ᠰᠢᠷᠤᠢ ᠦᠩᠰᠢᠭ᠂ ᠤᠨᠠᠯᠲᠠ ᠥᠨᠳᠥᠷ︾ ᠲᠠᠷᠢᠶᠠᠨ ᠭᠠᠵᠠᠷ ᠤᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠨᠡᠨ ᠬᠦ ᠠᠬᠢᠭᠤᠯᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号