ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ ᠳᠤ᠄ | ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ ᠣᠷᠣᠨ ᠤ | ᠣᠯᠠᠨ ᠭᠠᠵᠠᠷ ᠲᠤ ᠳᠡᠯᠭᠡᠷᠡᠬᠦ ᠪᠠᠶᠢᠳᠠᠯ ᠢᠯᠡᠷᠡᠵᠦ᠂ ᠬᠡᠰᠡᠭ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠪᠠᠶᠢᠳᠠᠯ | ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠂ ᠨᠠᠮᠤᠷ ᠤᠨ ᠤᠯᠠᠷᠢᠯ ᠤᠨ ᠮᠠᠰᠢᠨᠴᠢᠯᠠᠭᠰᠠᠨ | ᠦᠢᠯᠡᠳᠪᠦᠷᠢᠯᠡᠯ ᠤᠨ ᠲᠦᠭᠵᠢᠷᠡᠯ ᠤᠨ ᠴᠡᠭ ᠢ ᠦᠨᠠᠨ ᠬᠦ ᠨᠠᠪᠲᠠᠷᠡᠭᠦᠯᠵᠦ᠂ ᠨᠠᠮᠤᠷ ᠤᠨ ᠤᠯᠠᠷᠢᠯ ᠤᠨ ᠠᠮᠤ | ᠪᠤᠳᠠᠭ᠎ᠠ ᠶᠢ ᠴᠠᠭ ᠲᠤᠬᠠᠢ ᠳᠤ ᠨᠢ ᠬᠤᠷᠢᠶᠠᠵᠤ᠂ ᠮᠥᠬᠦᠯᠢᠭ ᠪᠦᠷᠢ ᠶᠢ ᠬᠥᠮᠥᠷᠭᠡ ᠳᠤ ᠣᠷᠣᠭᠤᠯᠬᠤ ᠶᠢ ᠦᠨᠡᠨ ᠬᠦ | ᠪᠠᠲᠤᠯᠠᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠠᠴᠠ ᠪᠥᠬᠦ ᠣᠷᠣᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠪᠠᠶᠢᠭᠤᠯᠬᠤ ᠪᠠᠷ | ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢᠨ | ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ | ᠬᠡᠷᠡᠭᠲᠡᠢ | ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢᠨ ︽ᠨᠡᠷᠡᠰ ᠤᠨ | ᠴᠠᠭᠠᠨ ᠲᠠᠩᠰᠠ︾ ᠶᠢᠨ ᠳᠦᠷᠢᠮ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ | ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠴᠢᠭᠯᠡᠭᠦᠯᠦᠨ᠂ ᠬᠢᠵᠢᠭ ᠤᠨ ᠪᠠᠶᠢᠳᠠᠯ ᠢ ᠦᠨᠳᠦᠰᠦᠯᠡᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠭᠠᠵᠠᠷ ᠣᠷᠣᠨ ᠤ ᠨᠠᠮᠤᠷ ᠤᠨ ᠬᠤᠷᠢᠶᠠᠯᠲᠠ ᠶᠢᠨ ᠠᠵᠢᠯ ᠤᠨ ᠬᠡᠷᠡᠭᠴᠡᠭᠡ ᠶᠢ | ᠦᠨᠳᠦᠰᠦᠯᠡᠨ᠂ ᠨᠠᠮᠤᠷ ᠤᠨ ᠤᠯᠠᠷᠢᠯ ᠤᠨ ᠠᠮᠤ ᠪᠤᠳᠠᠭ᠎ᠠ ᠶᠢ ᠴᠠᠭ ᠲᠤᠬᠠᠢ ᠳᠤ ᠨᠢ ᠬᠤᠷᠢᠶᠠᠬᠤ ᠶᠢ ᠦᠨᠡᠨ ᠬᠦ | ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠵᠣᠬᠢᠴᠠᠭᠤᠯᠬᠤ ᠲᠣᠭᠲᠠᠴᠠ ᠪᠣᠯᠣᠨ᠎ᠠ᠃ ᠡᠯ᠎ᠡ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠰᠢᠭᠤ ᠰᠢᠶᠠᠨ ᠢᠶᠠᠷ ᠨᠢᠭᠡᠴᠢ ᠪᠣᠯᠭᠠᠨ | ᠲᠤᠰ ᠭᠠᠵᠠᠷ ᠣᠷᠣᠨ ᠤ ᠪᠠᠨ ᠨᠠᠮᠤᠷ ᠤᠨ ᠤᠯᠠᠷᠢᠯ ᠤᠨ ᠠᠮᠤ ᠪᠤᠳᠠᠭᠠᠨ ᠤ ᠬᠤᠷᠢᠶᠠᠯᠲᠠ ᠶᠢᠨ ᠠᠬᠢᠴᠠ ᠪᠠ | ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠴᠢᠳᠠᠪᠤᠷᠢ ᠶᠢ ᠣᠶᠢᠯᠠᠭᠠᠵᠤ᠂ | ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠢᠯᠣᠭᠤᠳᠤᠨ ᠲᠠᠷᠢᠶᠠᠯᠠᠩ ᠤᠨ | ᠮᠠᠰᠢᠨ ᠤ ᠬᠤᠷᠰᠢᠶ᠎ᠠ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠳᠤ ᠲᠦᠰᠢᠭᠯᠡᠵᠦ᠂ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠪᠠᠶᠢᠭᠤᠯᠤᠨ᠂ ᠳᠠᠩᠰᠠᠯᠠᠭᠤᠯᠬᠤ | ᠨᠡᠷᠡᠰ ᠤᠨ ᠵᠢᠭᠰᠠᠭᠠᠯᠲᠠ ᠶᠢ ᠪᠣᠶ ᠪᠣᠯᠭᠠᠵᠤ᠂ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠳᠤ ᠴᠠᠭ ᠲᠤᠬᠠᠢ ᠳᠤ ᠨᠢ ᠨᠡᠶᠢᠲᠡᠯᠡᠬᠦ ᠶᠢᠨ ᠬᠠᠮᠲᠤ᠂ | ᠪᠦᠷᠢᠯᠳᠦᠭᠦᠨ ᠤ ᠬᠤᠪᠢᠷᠠᠯᠲᠠ ᠶᠢ ᠦᠨᠳᠦᠰᠦᠯᠡᠨ ᠬᠥᠳᠡᠯᠦᠩᠭᠦᠢ ᠪᠠᠷ ᠰᠢᠨᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠥᠬᠦ | ᠣᠷᠣᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢᠨ | ︽ᠨᠡᠷᠡᠰ ᠤᠨ ᠴᠠᠭᠠᠨ ᠲᠠᠩᠰᠠ︾ ᠶᠢ ᠬᠥᠳᠡᠯᠦᠩᠭᠦᠢ ᠪᠠᠷ ᠨᠡᠶᠢᠲᠡᠯᠡᠵᠦ᠂ ᠨᠢᠭᠡᠳᠦᠭᠡᠷ ᠪᠦᠯᠦᠭ ᠤᠨ ᠨᠡᠷᠡᠰ ᠢ | ᠳᠠᠭᠠᠯᠳᠤᠭᠤᠯᠤᠯ 1 ᠳᠤ ᠦᠵᠡᠭᠡᠷᠡᠢ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ ᠶᠢ ᠪᠠᠷᠢᠮᠲᠠᠯᠠᠨ᠂ ᠵᠦᠢ ᠵᠣᠬᠢᠰᠲᠠᠢ | ᠪᠠᠶᠢᠷᠢᠰᠢᠭᠤᠯᠵᠤ᠂ ᠳᠠᠶᠢᠴᠢᠯᠠᠯᠲᠠ ᠶᠢ ᠴᠢᠩᠭᠠᠷᠠᠭᠤᠯᠤᠨ᠂ ᠨᠠᠷᠢᠨ ᠨᠢᠮᠪᠠᠢ ᠰᠢᠯᠢᠨ ᠰᠣᠩᠭᠤᠵᠤ᠂ ᠭᠠᠷᠠᠭ ᠪᠦᠷᠢ ᠶᠢᠨ | ᠭᠠᠷᠠᠭ ᠤᠨ ᠭᠤᠷᠪᠠᠨ ᠠᠴᠠ ᠡᠮᠦᠨ᠎ᠡ ᠰᠢᠨᠡᠳᠬᠡᠭᠰᠡᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ︵ᠳᠠᠭᠠᠯᠳᠤᠭᠤᠯᠤᠯ 2︶ ᠶᠢ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠬᠠᠷᠢᠭᠤ ᠲᠤᠰᠬᠠᠬᠤ ᠬᠡᠷᠡᠭᠲᠡᠢ᠃ | ᠬᠤᠶᠠᠷ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ︽ᠨᠡᠷᠡᠰ ᠤᠨ ᠴᠠᠭᠠᠨ ᠲᠠᠩᠰᠠ︾ ᠶᠢᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠠᠩᠭᠢ ᠶᠢᠨ ᠡᠮᠦᠨᠡᠬᠢ ᠬᠤᠭᠤᠴᠠᠭᠠᠨ ᠤ ᠭᠤᠣᠯ ᠴᠣᠭᠴᠠ ᠶᠢᠨ ᠳᠠᠶᠢᠴᠢᠯᠠᠯᠲᠠ᠂ ᠮᠠᠰᠢᠨ | ᠪᠠᠭᠠᠵᠢ ᠶᠢᠨ ᠪᠠᠲᠤᠯᠠᠭ᠎ᠠ᠂ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠰᠠᠶᠢᠲᠤᠷ ᠬᠢᠬᠦ ᠬᠡᠷᠡᠭᠲᠡᠢ᠃ | ︽ᠨᠡᠷᠡᠰ ᠤᠨ ᠴᠠᠭᠠᠨ ᠲᠠᠩᠰᠠ︾ ᠶᠢᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠠᠩᠭᠢ ᠶᠢᠨ ᠰᠢᠯᠵᠢᠭᠦᠯᠦᠨ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠪᠠᠴᠢᠮ ᠠᠵᠢᠯᠯᠠᠭᠠᠨ ᠤ | ᠬᠡᠷᠡᠭᠴᠡᠭᠡ ᠱᠠᠭᠠᠷᠳᠠᠯᠭ᠎ᠠ ᠲᠠᠢ ᠦᠶ᠎ᠡ ᠳᠤ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠨᠢᠭᠡᠳᠦᠯᠲᠡᠢ | ᠵᠢᠯᠣᠭᠤᠳᠤᠯᠭ᠎ᠠ ᠲᠣᠬᠢᠷᠠᠭᠤᠯᠤᠯᠲᠠ ᠶᠢ ᠬᠦᠯᠢᠶᠡᠬᠦ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠭᠠᠵᠠᠷ ᠣᠷᠣᠨ ᠤ ᠨᠠᠮᠤᠷ ᠤᠨ | ᠬᠤᠷᠢᠶᠠᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠳ ᠲᠣᠰ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ | ᠲᠡᠳᠡᠨ ᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠪᠣᠳᠠᠲᠤ | ᠪᠠᠶᠢᠳᠠᠯ ᠪᠠ ᠲᠠᠷᠢᠶᠠᠯᠠᠬᠤ ᠴᠠᠭ ᠤᠨ ᠲᠠᠷᠢᠶᠠᠯᠠᠩ ᠤᠨ ᠶᠠᠪᠤᠳᠠᠯ ᠤᠨ ᠬᠡᠷᠡᠭᠴᠡᠭᠡ ᠠᠴᠠ ᠡᠭᠦᠰᠴᠦ᠂ ︽ᠴᠠᠭᠠᠨ | ᠲᠠᠩᠰᠠ︾ ᠶᠢᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢ | ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠰᠢᠶᠠᠨ ᠤ | ᠬᠡᠪᠴᠢᠶᠡᠨ ᠳᠤ ︽ᠴᠡᠭ ᠠᠴᠠ ᠴᠡᠭ ᠲᠤ ᠬᠦᠷᠬᠦ︾ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠢ | ᠥᠷᠨᠢᠭᠦᠯᠵᠦ᠂ ᠨᠠᠮᠤᠷ ᠤᠨ ᠤᠯᠠᠷᠢᠯ ᠤᠨ ᠠᠮᠤ ᠪᠤᠳᠠᠭ᠎ᠠ ᠶᠢᠨ ᠬᠤᠷᠢᠶᠠᠪᠠᠰᠤ ᠵᠣᠬᠢᠬᠤ ᠶᠢ ᠪᠦᠬᠦᠨ ᠢ ᠬᠤᠷᠢᠶᠠᠬᠤ ᠶᠢ | ᠦᠨᠡᠨ ᠬᠦ ᠪᠠᠲᠤᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠢᠳᠡᠪᠬᠢᠲᠡᠢ ᠵᠣᠬᠢᠴᠠᠭᠤᠯᠤᠨ | ᠪᠠᠶᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠨᠡᠷᠡᠰ ᠤᠨ ᠴᠠᠭᠠᠨ ᠲᠠᠩᠰᠠ︾ ᠶᠢᠨ | ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢᠨ ᠣᠷᠣᠨ ᠠᠯᠤᠰᠯᠠᠨ | ᠲᠤᠰᠠᠯᠠᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃ | ᠭᠤᠷᠪᠠ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠴᠢᠬᠤᠯᠠᠴᠢᠯᠠᠬᠤ ᠬᠡᠷᠡᠭᠲᠡᠢ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ︽ᠭᠤᠷᠪᠠᠨ ᠨᠠᠮᠤᠷ︾ ᠤᠨ | ᠮᠠᠰᠢᠨ ᠢᠶᠠᠷ ᠬᠤᠷᠢᠶᠠᠬᠤ ᠪᠠᠲᠤᠯᠠᠭ᠎ᠠ ᠶᠢᠨ ᠬᠠᠯᠠᠮᠰᠢᠯ ᠤᠲᠠᠰᠤ ᠪᠠ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠤᠨ ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ | ᠭᠦᠢᠴᠡᠳ ᠠᠰᠢᠭᠯᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠰᠠᠭᠤᠨ ᠯᠠᠪᠯᠠᠬᠤ ᠦᠢᠯᠡᠴᠢᠯᠡᠭᠡ ᠪᠠ | ᠠᠰᠠᠭᠤᠳᠠᠯ ᠢ ᠰᠢᠢᠳᠪᠦᠷᠢᠯᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠦᠢᠯᠡᠳᠪᠦᠷᠢᠯᠡᠯ ᠤᠨ ᠭᠤᠣᠯ | ᠴᠣᠭᠴᠠ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠳᠠᠯᠢ ᠪᠤᠰᠤ ᠴᠠᠭ ᠬᠤᠭᠤᠴᠠᠭᠠᠨ ᠤ | ᠮᠠᠰᠢᠨ ᠢᠶᠠᠷ ᠬᠤᠷᠢᠶᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠠᠵᠢᠯᠯᠠᠬᠤ ᠮᠠᠰᠢᠨ ᠪᠠᠭᠠᠵᠢ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠨᠢᠭᠡ ᠬᠡᠰᠡᠭ ᠨᠢ ᠪᠣᠯᠪᠠᠰᠤᠷᠠᠪᠠᠯ ᠨᠢᠭᠡ ᠬᠡᠰᠡᠭ ᠢ ᠨᠢ ᠬᠤᠷᠢᠶᠠᠵᠤ᠂ ᠨᠠᠮᠤᠷ ᠤᠨ | ᠤᠯᠠᠷᠢᠯ ᠤᠨ ᠠᠮᠤ ᠪᠤᠳᠠᠭ᠎ᠠ ᠶᠢᠨ ᠲᠠᠷᠢᠮᠠᠯ ᠢ ᠬᠤᠷᠢᠶᠠᠬᠤ ᠶᠢ ᠲᠣᠬᠢᠷᠠᠮᠵᠢᠲᠠᠢ ᠬᠤᠭᠤᠴᠠᠭᠠᠨ ᠳᠤ ᠨᠢ ᠪᠠᠶᠢᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠡᠭᠦᠰᠦᠭᠰᠡᠨ ᠤ ᠳᠠᠷᠠᠭ᠎ᠠ᠂ ᠦᠢᠯᠡᠳᠪᠦᠷᠢᠯᠡᠯ ᠤᠨ ᠭᠤᠣᠯ ᠴᠣᠭᠴᠠ ᠶᠢ ᠪᠥᠬᠦ ᠬᠦᠴᠦᠨ ᠢᠶᠠᠷ ᠢᠶᠠᠨ ᠬᠠᠪᠰᠤᠷᠤᠨ | ᠮᠠᠰᠢᠨ ᠪᠠᠭᠠᠵᠢ ᠳᠤᠲᠠᠭᠳᠠᠬᠤ᠂ ᠠᠵᠢᠯᠯᠠᠬᠤ ᠬᠥᠮᠥᠨ ᠦᠭᠡᠢ ᠵᠡᠷᠭᠡ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ | ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠨᠠᠮᠤᠷ ᠤᠨ ᠤᠯᠠᠷᠢᠯ ᠤᠨ ᠠᠮᠤ | ᠪᠤᠳᠠᠭᠠᠨ ᠤ ᠬᠤᠷᠢᠶᠠᠯᠲᠠ ᠳᠤ ᠦᠵᠡᠭᠦᠯᠬᠦ ᠬᠢᠵᠢᠭ ᠤᠨ ᠨᠥᠯᠥᠭᠡ ᠶᠢ ᠴᠢᠷᠮᠠᠶᠢᠨ ᠪᠠᠭᠠᠰᠬᠠᠬᠤ ᠬᠡᠷᠡᠭᠲᠡᠢ᠃ | ︽ᠨᠡᠷᠡᠰ ᠤᠨ ᠴᠠᠭᠠᠨ ᠲᠠᠩᠰᠠ︾ ᠶᠢᠨ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠦᠢᠯᠡᠴᠢᠯᠡᠭᠡᠨ ᠤ ᠠᠩᠭᠢ ᠶᠢᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠤᠨ ᠤᠬᠠᠭᠤᠯᠭ᠎ᠠ ᠶᠢ | ᠴᠢᠬᠤᠯᠠᠴᠢᠯᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠨᠠᠮᠤᠷ ᠤᠨ | ᠤᠯᠠᠷᠢᠯ ᠤᠨ ᠠᠮᠤ ᠪᠤᠳᠠᠭᠠᠨ ᠤ ᠬᠤᠷᠢᠶᠠᠯᠲᠠ ᠳᠠᠭᠤᠰᠬᠤ ᠠᠴᠠ ᠡᠮᠦᠨᠡᠬᠢ ᠭᠠᠷᠠᠭ ᠪᠦᠷᠢ ᠶᠢᠨ ᠭᠠᠷᠠᠭ ᠤᠨ ᠬᠤᠶᠠᠷ᠂ | ᠭᠠᠷᠠᠭ ᠤᠨ ᠳᠥᠷᠪᠡᠨ ᠳᠤ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ︵ | ᠳᠠᠭᠠᠯᠳᠤᠭᠤᠯᠤᠯ 3︶ ᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠳᠤ ᠬᠠᠷᠢᠭᠤ ᠲᠤᠰᠬᠠᠬᠤ ᠬᠡᠷᠡᠭᠲᠡᠢ᠃ | ᠳᠥᠷᠪᠡ᠂ ᠠᠶᠤᠯ ᠦᠭᠡᠢ ᠦᠢᠯᠡᠳᠪᠦᠷᠢᠯᠡᠯ ᠪᠣᠯᠣᠨ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ | ᠦᠵᠡᠯ ᠤᠬᠠᠮᠰᠠᠷ ᠢ ᠦᠨᠡᠨ ᠬᠦ ᠪᠠᠲᠤ ᠪᠠᠬᠢ ᠪᠤᠢ ᠪᠣᠯᠭᠠᠬᠤ ᠬᠡᠷᠡᠭᠲᠡᠢ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ | ᠤᠶᠠᠯᠳᠤᠭᠤᠯᠤᠨ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ | ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠬᠤ ᠬᠡᠷᠡᠭᠲᠡᠢ᠃ ᠲᠠᠷᠢᠶᠠᠯᠠᠩ ᠤᠨ | ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ | ᠲᠠᠷᠢᠶᠠᠯᠠᠩ ᠤᠨ ᠮᠠᠰᠢᠨᠴᠢᠨ ᠤ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ | ᠠᠵᠢᠯᠯᠠᠬᠤ ᠭᠤᠣᠯ ᠴᠣᠭᠴᠠ ᠶᠢ ᠵᠢᠯᠣᠭᠤᠳᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠠᠷᠢᠯᠭᠠᠵᠤ᠂ | ᠨᠠᠮᠤᠷ ᠤᠨ ᠤᠯᠠᠷᠢᠯ ᠤᠨ ᠠᠮᠤ ᠪᠤᠳᠠᠭ᠎ᠠ ᠶᠢ ᠴᠠᠭ ᠲᠤ ᠨᠢ ᠲᠣᠬᠢᠷᠠᠭᠤᠯᠤᠨ ᠬᠤᠷᠢᠶᠠᠬᠤ ᠶᠢᠨ ᠬᠠᠮᠲᠤ ᠲᠠᠷᠢᠶᠠᠯᠠᠩ ᠤᠨ | ᠮᠠᠰᠢᠨ ᠤ ᠠᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠮᠠᠰᠢᠨ ᠢᠶᠠᠷ ᠬᠤᠷᠢᠶᠠᠵᠤ | ᠬᠤᠬᠢᠷᠠᠯ ᠢ ᠪᠠᠭᠠᠰᠬᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠮᠠᠰᠢᠨᠴᠢᠨ ᠢ ᠵᠢᠯᠣᠭᠤᠳᠤᠨ ᠠᠵᠢᠯᠯᠠᠬᠤ ᠳᠤ | ᠲᠣᠬᠢᠷᠠᠬᠤ ᠨᠥᠬᠦᠴᠡᠯ ᠢ ᠮᠠᠭᠠᠳᠯᠠᠭᠤᠯᠵᠤ᠂ ᠮᠠᠰᠢᠨ ᠪᠠᠭᠠᠵᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠠᠵᠢᠯᠯᠠᠬᠤ ᠮᠠᠰᠢᠨ ᠪᠠᠭᠠᠵᠢ ᠶᠢᠨ ᠭᠡᠮ ᠰᠣᠭᠤᠭ ᠢ ᠠᠷᠢᠯᠭᠠᠵᠤ᠂ ᠠᠵᠢᠯᠯᠠᠭ᠎ᠠ ᠶᠢ ᠴᠢᠩᠭ᠎ᠠ | ᠵᠢᠷᠤᠮᠵᠢᠭᠤᠯᠵᠤ᠂ ᠠᠵᠢᠯᠯᠠᠬᠤ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ | ᠮᠠᠰᠢᠨ ᠢᠶᠠᠷ ᠬᠤᠷᠢᠶᠠᠬᠤ ᠬᠤᠬᠢᠷᠠᠯ ᠢ ᠪᠦᠲᠦᠮᠵᠢᠲᠡᠢ ᠪᠠᠭᠠᠰᠬᠠᠬᠤ ᠬᠡᠷᠡᠭᠲᠡᠢ᠃ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠡᠨᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠪᠣᠳᠠᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ︽ᠨᠡᠷᠡᠰ ᠤᠨ ᠴᠠᠭᠠᠨ ᠲᠠᠩᠰᠠ︾ ᠶᠢᠨ ᠲᠠᠷᠢᠶᠠᠯᠠᠩ ᠤᠨ | ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢᠨ ᠵᠠᠩᠭᠢᠯᠠᠭ᠎ᠠ ᠶᠢᠨ ᠦᠶ᠎ᠡ ᠳᠤ ᠲᠤᠯᠵᠦ | ᠬᠠᠷᠢᠭᠤᠴᠠᠵᠦ ᠳᠡᠶᠢᠯᠬᠦ ᠂ ᠲᠤᠰᠠ ᠪᠤᠯᠵᠦ ᠴᠢᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠠᠷᠢᠯᠴᠠᠬᠤ ᠬᠥᠮᠥᠨ᠄ ᠵᠦ ᠰᠢᠶᠣᠣ ᠫᠧᠩ᠂ ᠬᠠᠷᠢᠯᠴᠠᠬᠤ ᠤᠲᠠᠰᠤ᠄ 0471-6652085 | ᠢᠮᠧᠯ᠄ njtgzzxp@163.com | | | ᠳᠠᠭᠠᠯᠳᠤᠭᠤᠯᠤᠯ᠄ 1. ᠪᠥᠬᠦ ᠣᠷᠣᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ︵ᠨᠢᠭᠡᠳᠦᠭᠡᠷ ᠪᠦᠯᠦᠭ︶ | 2. ᠪᠥᠬᠦ ᠣᠷᠣᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ᠶᠢ ᠰᠢᠨᠡᠳᠬᠡᠭᠰᠡᠨ ᠪᠠᠶᠢᠳᠠᠯ ᠤᠨ ᠬᠦᠰᠦᠨᠦᠭᠲᠦ | 3. ᠪᠥᠬᠦ ᠣᠷᠣᠨ ᠤ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠦᠢᠯᠡᠴᠢᠯᠡᠭᠡᠨ ᠤ ᠠᠩᠭᠢ ᠶᠢᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠦᠰᠦᠨᠦᠭᠲᠦ | | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 10 ᠰᠠᠷ᠎ᠠ ᠶᠢᠨ 15 ᠤ ᠡᠳᠦᠷ | |