ᠡᠪᠦᠯ ᠤᠨ ᠤᠯᠠᠷᠢᠯ ᠳᠤ ᠲᠠᠬᠢᠶ᠎ᠠ ᠲᠡᠵᠢᠭᠡᠬᠦ ᠶᠢᠨ ᠲᠠᠪᠤᠨ ᠠᠩᠬᠠᠷᠬᠤ ᠵᠦᠢᠯ
ᠨᠡᠶᠢᠲᠡᠯᠡᠭᠰᠡᠨ ᠴᠠᠭ᠄
2022/10/9
      ᠨᠢᠭᠡ ᠂ ᠳᠤᠯᠠᠭᠠᠨ ᠢ ᠪᠠᠲᠤᠯᠠᠵᠤ ᠬᠦᠢᠲᠡᠨ ᠢ ᠰᠡᠷᠭᠡᠶᠢᠯᠡᠨ ᠂ ᠰᠠᠯᠬᠢ ᠵᠢᠪᠠᠷ ᠨᠡᠪᠲᠡᠷᠡᠭᠦᠯᠬᠦ ᠶᠢ ᠠᠩᠬᠠᠷᠬᠤ ᠬᠡᠷᠡᠭᠲᠡᠢ      ᠡᠪᠦᠯ ᠤᠨ ᠤᠯᠠᠷᠢᠯ ᠤᠨ ᠠᠭᠤᠷ ᠠᠮᠢᠰᠬᠤᠯ ᠬᠠᠬᠢᠷ ᠬᠦᠢᠲᠡᠨ᠂ ᠰᠠᠷᠠᠪᠴᠢ ᠶᠢᠨ ᠳᠤᠲᠤᠷ᠎ᠠ ᠬᠡᠷᠡᠭᠰᠡᠬᠦ ᠳᠤᠯᠠᠭᠠᠨ ᠤ ᠬᠡᠮᠵᠢᠶ᠎ᠡ ᠨᠢ ᠭᠠᠳᠠᠭᠠᠳᠤ ᠣᠷᠴᠢᠨ ᠤ ᠠᠭᠠᠷ ᠤᠨ ᠳᠤᠯᠠᠭᠠᠨ ᠤ ᠬᠡᠮᠵᠢᠶ᠎ᠡ ᠲᠠᠢ ᠮᠠᠰᠢ ᠶᠡᠭᠡ ᠵᠥᠷᠢᠶ᠎ᠡ ᠲᠠᠢ ᠪᠠᠶᠢᠳᠠᠭ᠂ ᠡᠶᠢᠮᠦ ᠠᠴᠠ ᠰᠠᠯᠬᠢ ᠵᠢᠪᠠᠷ ᠨᠡᠪᠲᠡᠷᠡᠭᠦᠯᠦᠨ ᠠᠭᠠᠷ ᠢ ᠨᠢ ᠰᠣᠯᠢᠯᠴᠠᠭᠤᠯᠬᠤ ᠮᠥᠷᠲᠡᠭᠡᠨ ᠰᠠᠷᠠᠪᠴᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠲᠤᠯᠠᠬᠤ ᠪᠣᠯ ᠰᠢᠢᠳᠪᠦᠷᠢᠯᠡᠬᠦ ᠴᠢᠬᠤᠯᠠᠲᠠᠢ ᠭᠤᠣᠯ ᠠᠰᠠᠭᠤᠳᠠᠯ ᠪᠣᠯᠣᠨ᠎ᠠ᠃ ᠲᠠᠬᠢᠶᠠᠨ ᠰᠠᠷᠠᠪᠴᠢ  ᠨᠢ ᠬᠦᠢᠲᠡᠨ ᠢ ᠰᠡᠷᠭᠡᠶᠢᠯᠡᠬᠦ ᠴᠢᠨᠠᠷ ᠢᠶᠠᠷ ᠰᠠᠶᠢᠨ᠂ ᠡᠪᠦᠯ ᠤᠨ ᠤᠯᠠᠷᠢᠯ ᠤᠨ ᠳᠤᠯᠠᠭᠠᠨ ᠢ ᠪᠠᠲᠤᠯᠠᠬᠤ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ᠃ ᠴᠤᠷᠪᠠᠭ᠎ᠠ ᠶᠢᠨ ᠳᠠᠭᠠᠷᠠᠬᠤ ᠠᠴᠠ ᠪᠣᠯᠵᠤ ᠪᠦᠭᠡᠮᠨᠡᠷᠡᠨ ᠰᠢᠬᠠᠯᠴᠠᠵᠤ ᠦᠬᠦᠭᠦᠯᠬᠦ ᠦᠵᠡᠭᠳᠡᠯ ᠭᠠᠷᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃      ᠰᠠᠯᠬᠢ ᠨᠡᠪᠲᠡᠷᠡᠭᠦᠯᠦᠨ ᠠᠭᠠᠷ ᠢ ᠨᠢ ᠰᠣᠯᠢᠯᠴᠠᠭᠤᠯᠬᠤ ᠶᠢᠨ ᠬᠠᠮᠲᠤ ᠰᠠᠷᠠᠪᠴᠢ ᠶᠢᠨ ᠳᠣᠲᠣᠷᠠᠬᠢ ᠳᠤᠯᠠᠭᠠᠨ ᠤ ᠭᠡᠨᠡᠳᠲᠡ ᠳᠡᠭᠡᠭᠰᠢᠯᠡᠵᠦ ᠭᠡᠨᠡᠳᠲᠡ ᠳᠤᠷᠤᠭᠰᠢᠯᠠᠬᠤ ᠪᠠᠶᠢᠳᠠᠯ ᠭᠠᠷᠬᠤ ᠶᠢ ᠰᠠᠶᠢᠲᠤᠷ ᠠᠩᠬᠠᠷᠴᠤ ᠂ ᠳᠤᠯᠠᠭᠠᠨ ᠤ ᠵᠥᠷᠢᠶ᠎ᠡ ᠬᠡᠲᠦᠷᠬᠡᠢ ᠶᠡᠭᠡ ᠠᠴᠠ ᠪᠣᠯᠵᠤ ᠭᠡᠨᠡᠳᠲᠡ ᠶᠢᠨ ᠰᠡᠷᠡᠯᠵᠡᠯ ᠡᠭᠦᠰᠬᠦ ᠠᠴᠠ ᠴᠢᠩᠭ᠎ᠠ ᠰᠡᠷᠭᠡᠶᠢᠯᠡᠵᠦ ᠂ ᠰᠠᠯᠬᠢ ᠨᠡᠪᠲᠡᠷᠡᠭᠦᠯᠬᠦ ᠠᠮᠠᠰᠠᠷ ᠢ ᠲᠠᠬᠢᠶᠠᠨ ᠤ ᠨᠢᠷᠤᠭᠤᠨ ᠠᠴᠠ ᠳᠡᠭᠡᠭᠰᠢ 1.5 ᠮᠧᠲᠷ ᠥᠨᠳᠥᠷ ᠲᠤ ᠪᠠᠶᠢᠷᠢᠯᠠᠭᠤᠯᠪᠠᠯ ᠵᠣᠬᠢᠨ᠎ᠠ ᠃ ᠠᠭᠠᠷ ᠤᠨ ᠳᠤᠯᠠᠭᠠᠨ ᠭᠡᠨᠡᠳᠲᠡ ᠪᠠᠷ ᠳᠣᠷᠣᠭᠰᠢᠯᠠᠵᠤ᠂ ᠬᠦᠢᠲᠡᠨ ᠠᠴᠠ ᠰᠡᠷᠭᠡᠶᠢᠯᠡᠨ ᠳᠤᠯᠠᠭᠠᠨ ᠢ ᠪᠠᠲᠤᠯᠠᠬᠤ ᠠᠵᠢᠯ ᠨᠢ ᠳᠠᠭᠠᠵᠤ ᠠᠮᠵᠢᠬᠤ ᠦᠭᠡᠢ ᠪᠣᠯᠬᠤ ᠦᠶ᠎ᠡ ᠳᠤ᠂ ᠮᠢᠬᠠᠨ  ᠤ ᠲᠠᠬᠢᠶ᠎ᠠ ᠶᠢ ᠠᠮᠠᠷᠬᠠᠨ ᠳᠠᠭᠠᠭᠠᠷᠠᠭᠤᠯᠵᠤ ᠂ ᠬᠠᠨᠢᠶᠠᠬᠤ᠂ ᠨᠠᠶᠢᠲᠠᠭᠠᠬᠤ᠂ ᠮᠥᠭᠡᠷᠰᠦᠨ ᠬᠤᠭᠤᠯᠠᠢ  ᠨᠢ ᠬᠡᠷᠴᠢᠭᠢᠨᠡᠬᠦ ᠂ ᠠᠮᠢᠰᠬᠤᠯ ᠴᠢᠬᠤᠯᠳᠠᠬᠤ ᠵᠡᠷᠭᠡ ᠡᠪᠡᠳᠴᠢᠨ ᠤ ᠢᠯᠡᠷᠡᠯ ᠢᠶᠠᠷ ᠣᠨᠴᠠᠯᠢᠭ ᠪᠣᠯᠭᠠᠭᠰᠠᠨ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠨ᠎ᠡ᠃ ᠡᠶᠢᠮᠦ ᠠᠴᠠ ᠲᠠᠬᠢᠶ᠎ᠠ ᠲᠡᠵᠢᠭᠡᠭᠴᠢᠳ ᠠᠭᠤᠷ ᠠᠮᠢᠰᠬᠤᠯ ᠤᠨ ᠬᠤᠪᠢᠷᠠᠯᠲᠠ ᠶᠢ ᠰᠠᠶᠢᠲᠤᠷ ᠡᠵᠡᠮᠳᠡᠵᠦ ᠂ ᠬᠦᠢᠲᠡᠨ ᠢ ᠰᠡᠷᠭᠡᠶᠢᠯᠡᠨ ᠳᠤᠯᠠᠭᠠᠨ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠲᠠᠬᠢᠶᠠᠨ ᠰᠠᠷᠠᠪᠴᠢ ᠶᠢ ᠰᠠᠶᠢᠲᠤᠷ ᠰᠡᠯᠪᠢᠨ ᠵᠠᠰᠠᠵᠤ ᠂  ᠬᠤᠯᠠᠭᠠᠢ ᠰᠠᠯᠬᠢ ᠶᠢ ᠰᠡᠷᠭᠡᠶᠢᠯᠡᠨ ᠂ ᠬᠤᠯᠠᠭᠠᠢ ᠰᠠᠯᠬᠢ ᠲᠠᠬᠢᠶᠠᠨ ᠰᠦᠷᠦᠭ ᠢ ᠳᠠᠭᠠᠷᠢᠬᠤ ᠠᠴᠠ ᠰᠡᠷᠭᠡᠶᠢᠯᠡᠬᠦ ᠬᠡᠷᠡᠭᠲᠡᠢ ᠃ ᠲᠡᠭᠰᠢ ᠭᠠᠵᠠᠷ ᠲᠤ ᠲᠡᠵᠢᠭᠡᠭᠰᠡᠨ ᠮᠢᠬᠠᠨ  ᠤ ᠲᠠᠬᠢᠶ᠎ᠠ ᠶᠢᠨ ᠳᠡᠪᠢᠰᠬᠡᠷ ᠢ ᠨᠢ ᠵᠤᠵᠠᠭᠠᠳᠬᠠᠵᠤ᠂ ᠳᠡᠪᠢᠰᠬᠡᠷ ᠢ ᠠᠰᠢᠭᠯᠠᠨ ᠭᠡᠷ ᠤᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠡᠪᠢᠰᠭᠡᠷ ᠢ ᠨᠢ ᠦᠷᠭᠦᠯᠵᠢ ᠰᠣᠯᠢᠵᠤ᠂ ᠦᠳᠡ ᠶᠢᠨ ᠦᠶ᠎ᠡ ᠳᠤ ᠴᠣᠩᠬᠤ ᠶᠢ ᠨᠢ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠢ᠃ ᠡᠩ ᠤᠨ ᠪᠠᠶᠢᠳᠠᠯ ᠳᠤ᠂ 6 ᠬᠤᠨᠤᠭ ᠤᠨ ᠨᠠᠰᠤ ᠠᠴᠠ ᠡᠬᠢᠯᠡᠨ ᠰᠠᠯᠬᠢ ᠨᠡᠪᠲᠡᠷᠡᠭᠦᠯᠬᠦ ᠶᠢᠨ ᠬᠠᠮᠲᠤ ᠡᠳᠦᠷ ᠬᠤᠭᠤᠴᠠᠭ᠎ᠠ ᠶᠢ ᠳᠠᠭᠠᠯᠳᠤᠨ ᠰᠠᠯᠬᠢ ᠨᠠᠪᠲᠡᠷᠡᠭᠦᠯᠬᠦ ᠴᠠᠭ ᠢ ᠨᠢ ᠤᠷᠲᠤᠳᠬᠠᠵᠤ ᠂ ᠰᠠᠯᠬᠢ ᠨᠡᠪᠲᠡᠷᠡᠭᠦᠯᠬᠦ ᠬᠡᠮᠵᠢᠶ᠎ᠡ ᠶᠢ  ᠨᠢ ᠨᠡᠮᠡᠭᠳᠡᠭᠦᠯᠦᠨ᠂ ᠲᠠᠬᠢᠶᠠᠨ ᠰᠦᠷᠦᠭ ᠲᠤ ᠭᠦᠢᠴᠡᠳ ᠬᠡᠮᠵᠢᠶᠡᠨ ᠤ ᠬᠦᠴᠢᠯᠲᠥ᠋ᠷᠥᠭᠴᠢ ᠲᠠᠢ ᠪᠠᠶᠢᠯᠭᠠᠬᠤ ᠬᠡᠷᠡᠭᠲᠡᠢ ᠃      ᠬᠤᠶᠠᠷ ᠂ ᠳᠤᠯᠠᠭᠠᠨ ᠢ ᠪᠠᠲᠤᠯᠠᠨ ᠬᠠᠭᠤᠷᠠᠢ ᠪᠠᠶᠢᠯᠭᠠᠵᠤ᠂ ᠰᠢᠪᠲᠦᠷ ᠢ ᠭᠠᠳᠠᠭᠰᠢᠯᠠᠭᠤᠯᠬᠤ ᠶᠢ ᠠᠩᠬᠠᠷᠬᠤ ᠬᠡᠷᠡᠭᠲᠡᠢ      ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ ᠪᠣᠯᠬᠤᠷ ᠲᠠᠬᠢᠶᠠᠨ ᠰᠠᠷᠠᠪᠴᠢ ᠶᠢᠨ ᠳᠤᠯᠠᠭᠠᠨ ᠢ ᠪᠠᠲᠤᠯᠠᠬᠤ ᠶᠢᠨ ᠲᠥᠯᠥᠭᠡ ᠰᠠᠯᠬᠢ ᠵᠢᠪᠠᠷ ᠨᠡᠪᠲᠡᠷᠡᠭᠦᠯᠦᠨ ᠠᠭᠠᠷ ᠰᠣᠯᠢᠬᠤ ᠶᠢ ᠣᠮᠲᠣᠭᠠᠶᠢᠯᠠᠵᠤ ᠪᠣᠯᠬᠤ ᠦᠭᠡᠢ ᠂ ᠲᠠᠬᠢᠶᠠᠨ ᠤ ᠢᠯᠭᠠᠳᠠᠰᠤ ᠪᠠ ᠨᠣᠶᠢᠲᠠᠨ ᠳᠡᠪᠢᠰᠬᠡᠷ ᠢ ᠴᠠᠭ ᠲᠤᠬᠠᠢ ᠳᠤ ᠨᠢ ᠴᠡᠪᠡᠷᠯᠡᠨ ᠠᠷᠢᠯᠭᠠᠬᠤ ᠦᠭᠡᠢ ᠪᠣᠯ᠂ ᠲᠠᠬᠢᠶᠠᠨ ᠰᠠᠷᠠᠪᠴᠢ ᠶᠢᠨ ᠳᠣᠲᠣᠷ᠎ᠠ ᠰᠢᠪᠲᠦᠷ ᠤᠨ ᠬᠡᠢ ᠬᠤᠷᠠᠮᠳᠤᠵᠤ ᠂ ᠥᠳᠬᠡᠴᠡ  ᠨᠢ ᠨᠡᠮᠡᠭᠳᠡᠨ᠂ ᠮᠢᠬᠠᠨ  ᠤ ᠲᠠᠬᠢᠶ᠎ᠠ ᠶᠢᠨ ᠰᠢᠪᠲᠦᠷ ᠤᠨ ᠬᠡᠢ ᠳᠤ ᠬᠤᠣᠷᠳᠠᠭᠳᠠᠬᠤ ᠪᠤᠶᠤ ᠪᠤᠰᠤᠳ ᠵᠦᠢᠯ ᠤᠨ ᠡᠪᠡᠳᠴᠢᠨ ᠢ ᠡᠭᠦᠰᠭᠡᠵᠦ ᠮᠡᠳᠡᠨ᠎ᠡ ᠃ ᠰᠢᠪᠲᠦᠷ ᠤᠨ ᠬᠡᠢ ᠶᠢᠨ ᠮᠢᠬᠠᠨ  ᠤ ᠲᠠᠬᠢᠶ᠎ᠠ ᠳᠤ ᠦᠵᠡᠭᠦᠯᠬᠦ ᠨᠠᠵᠠᠭᠠᠢ ᠨᠥᠯᠥᠭᠡ ᠶᠢ ᠰᠡᠷᠭᠡᠶᠢᠯᠡᠬᠦ ᠶᠢᠨ ᠲᠥᠯᠥᠭᠡ᠂ ᠲᠠᠬᠢᠶ᠎ᠠ ᠲᠡᠵᠢᠭᠡᠬᠦ ᠲᠠᠯᠠᠪᠠᠶ ︵ᠡᠷᠦᠬᠡ︶ ᠳᠤ ᠳᠣᠣᠷ᠎ᠠ ᠳᠤᠷᠠᠳᠤᠭᠰᠠᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠬᠤ ᠶᠢ ᠰᠠᠨᠠᠭᠤᠯᠵᠤ ᠪᠠᠶᠢᠨ᠎ᠠ᠄ ᠠᠵᠢᠯᠯᠠᠬᠤ ᠦᠶ᠎ᠡ ᠳᠤ ᠪᠠᠨ ᠤᠰᠤ ᠰᠦᠷᠴᠢᠬᠦ ᠶᠢ ᠠᠯᠢ ᠴᠢᠳᠠᠬᠤ ᠪᠠᠷ ᠪᠠᠭᠠᠰᠬᠠᠵᠤ᠂ ᠤᠰᠤᠨ ᠣᠩᠭᠤᠴᠠ ᠶᠢᠨ ᠤᠰᠤ ᠭᠤᠭᠤᠵᠢᠬᠤ ᠶᠢ ᠰᠡᠷᠭᠡᠶᠢᠯᠡᠬᠦ ᠬᠡᠷᠡᠭᠲᠡᠢ ︔ ᠬᠡᠷᠪᠡ ᠲᠠᠬᠢᠶᠠᠨ ᠰᠠᠷᠠᠪᠴᠢᠨ ᠳᠣᠲᠣᠷᠠᠬᠢ ᠴᠢᠭᠢᠭᠲᠦᠴᠡ ᠨᠢ ᠬᠡᠲᠦᠷᠬᠡᠢ ᠶᠡᠭᠡ ᠪᠣᠯ ᠰᠠᠷᠠᠪᠴᠢᠨ ᠳᠣᠲᠣᠷᠠᠬᠢ ᠢᠯᠭᠠᠳᠠᠰᠤ ᠵᠢᠴᠢ ᠨᠣᠶᠢᠲᠠᠨ ᠳᠡᠪᠢᠰᠬᠡᠷ ᠢ ᠴᠠᠭ ᠲᠤᠬᠠᠢ ᠳᠤ ᠨᠢ ᠴᠡᠪᠡᠷᠯᠡᠨ ᠠᠷᠢᠯᠭᠠᠬᠤ ᠬᠡᠷᠡᠭᠲᠡᠢ ᠃ ᠡᠭᠦᠨ ᠠᠴᠠ ᠭᠠᠳᠠᠨ᠎ᠠ ᠂ ᠰᠢᠪᠲᠦᠷ ᠰᠣᠷᠣᠵᠤ ᠦᠨᠦᠷ ᠠᠷᠢᠯᠭᠠᠭᠴᠢ ᠡᠳ᠋ ᠢᠶᠠᠷ ᠲᠠᠬᠢᠶᠠᠨ ᠰᠠᠷᠠᠪᠴᠢ ᠶᠢᠨ ᠰᠢᠪᠲᠦᠷ ᠤᠨ ᠬᠡᠢ ᠶᠢᠨ ᠥᠳᠬᠡᠴᠡ ᠶᠢ ᠪᠠᠭᠤᠷᠠᠭᠤᠯᠳᠠᠭ ᠂ ᠦᠷᠭᠦᠯᠵᠢ ᠬᠡᠷᠡᠭᠯᠡᠳᠡᠭ ᠨᠢ ᠬᠦᠬᠦᠷ ᠬᠦᠴᠢᠯ ᠤᠨ ᠳᠤᠲᠠᠭᠤ ᠲᠡᠮᠦᠷ ᠂ ᠬᠡᠳᠦ ᠹᠣᠰᠹᠣᠷ ᠬᠦᠴᠢᠯ ᠂ ᠬᠦᠬᠦᠷ ᠬᠦᠴᠢᠯ ᠤᠨ ᠵᠡᠰ ᠂ ᠪᠤᠯᠭᠤᠭᠰᠠᠨ ᠴᠣᠬᠤᠢ ᠵᠡᠷᠭᠡ ᠪᠣᠯᠣᠨ᠎ᠠ ᠃      ᠭᠤᠷᠪᠠ ᠂ ᠠᠷᠠᠴᠢᠯᠠᠭ᠎ᠠ ᠪᠠᠨ ᠴᠢᠩᠭᠠᠳᠬᠠᠵᠤ᠂ ᠡᠪᠡᠳᠴᠢᠨ ᠤ ᠰᠡᠷᠭᠡᠶᠢᠯᠡᠯᠲᠡ ᠶᠢ ᠠᠩᠬᠠᠷᠬᠤ ᠬᠡᠷᠡᠭᠲᠡᠢ      ᠮᠢᠬᠠᠨ  ᠤ ᠲᠠᠬᠢᠶ᠎ᠠ ᠶᠢᠨ ᠥᠰᠦᠯᠲᠡ ᠶᠢᠨ ᠠᠳᠠᠯᠢ ᠪᠤᠰᠤ ᠱᠠᠲᠤ ᠶᠢ ᠦᠨᠳᠦᠰᠦᠯᠡᠵᠦ᠂ ᠲᠡᠵᠢᠭᠡᠪᠦᠷᠢ ᠶᠢᠨ ᠪᠠᠷᠢᠮᠵᠢᠶ᠎ᠠ ᠪᠠᠷ ᠬᠤᠨᠤᠭ ᠤᠨ ᠠᠮᠤ ᠶᠢ ᠨᠠᠶᠢᠷᠠᠭᠤᠯᠤᠨ᠎ᠠ᠃ ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠳᠣᠣᠷ᠎ᠠ ᠪᠣᠯᠬᠤᠷ ᠂ ᠮᠢᠬᠠᠨ  ᠤ ᠲᠠᠬᠢᠶ᠎ᠠ ᠶᠢᠨ ᠢᠯᠴᠢ ᠶᠢᠨ ᠬᠤᠷᠣᠭᠳᠠᠯ ᠨᠡᠯᠢᠶᠡᠳ ᠶᠡᠭᠡ ᠂ ᠬᠤᠨᠤᠭ ᠤᠨ ᠠᠮᠤ ᠶᠢ ᠨᠠᠶᠢᠷᠠᠭᠤᠯᠬᠤ ᠳᠤ ᠪᠠᠨ ᠲᠡᠵᠢᠭᠡᠯ ᠪᠣᠷᠳᠣᠭᠠᠨ ᠳᠠᠬᠢ ᠰᠣᠯᠢᠯᠴᠠᠭᠠᠨ ᠤ ᠡᠨᠧᠷᠭᠢ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠂ ᠲᠡᠵᠢᠭᠡᠯ ᠪᠣᠷᠳᠣᠭᠠᠨ ᠳᠠᠬᠢ ᠤᠭᠤᠷᠠᠭ ᠤᠨ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠶᠢᠨ ᠬᠠᠮᠲᠤ ᠬᠤᠨᠤᠭ ᠤᠨ ᠠᠮᠤ ᠳᠠᠬᠢ ᠸᠢᠲ᠋ᠠᠮᠢᠨ ᠤ ᠠᠭᠤᠯᠤᠭᠳᠠᠴᠠ ᠶᠢ ᠣᠨᠴᠠᠭᠠᠶᠢᠯᠠᠨ ᠠᠩᠬᠠᠷᠴᠤ ᠂ ᠬᠡᠷᠡᠭᠴᠡᠭᠡ ᠶᠢ ᠨᠢ ᠬᠠᠩᠭᠠᠬᠤ ᠬᠡᠷᠡᠭᠲᠡᠢ ᠃ ᠨᠠᠶᠢᠷᠠᠭᠤᠯᠤᠭᠰᠠᠨ ᠲᠡᠵᠢᠭᠡᠯ ᠪᠣᠷᠳᠣᠭᠠᠨ ᠤ ᠲᠦᠭᠦᠬᠡᠢ ᠠᠮᠤ ᠨᠢ ᠡᠷᠬᠡᠪᠰᠢ ᠸᠠᠯᠠᠭᠰᠠᠨ ᠦᠭᠡᠢ ᠂ ᠬᠤᠯᠢᠴᠠ ᠦᠭᠡᠢ ᠪᠠᠶᠢᠬᠤ ᠶᠢ ᠠᠩᠬᠠᠷᠴᠤ᠂ ᠠᠮᠢᠰᠬᠤᠯ ᠤᠨ ᠵᠠᠮ ᠤᠨ ᠡᠪᠡᠳᠴᠢᠨ ᠢ ᠡᠭᠦᠰᠬᠡᠬᠦ ᠠᠴᠠ ᠰᠡᠷᠭᠡᠶᠢᠯᠡᠬᠦ ᠬᠡᠷᠡᠭᠲᠡᠢ ᠃      ᠳᠥᠷᠪᠡ᠂ ᠬᠠᠮᠢᠶᠠᠷᠤᠯᠲᠠ ᠪᠠᠨ ᠴᠢᠩᠭᠠᠳᠬᠠᠵᠤ᠂ ᠡᠩ ᠤᠨ ᠵᠤᠷᠰᠢᠯ ᠢ ᠠᠩᠬᠠᠷᠬᠤ ᠬᠡᠷᠡᠭᠲᠡᠢ      ᠴᠤᠷᠪᠠᠭ᠎ᠠ ᠶᠢ ᠤᠷᠤᠭᠤᠯᠬᠤ ᠠᠴᠠ ᠪᠠᠨ ᠡᠮᠦᠨ᠎ᠡ ᠴᠤᠷᠪᠠᠭ᠎ᠠ ᠶᠢᠨ ᠰᠠᠷᠠᠪᠴᠢ ᠶᠢ ᠴᠢᠩᠭ᠎ᠠ ᠤᠬᠢᠶᠠᠵᠤ᠂ ᠠᠷᠢᠭᠤᠳᠬᠠᠵᠤ᠂ ᠤᠲᠤᠵᠤ ᠵᠢᠩᠨᠡᠨ᠎ᠡ᠃ ᠪᠠᠭᠠᠵᠢ ᠬᠡᠷᠡᠭᠰᠡᠯ ᠂ ᠬᠤᠪᠴᠠᠰᠤ ᠬᠤᠨᠠᠷ ᠂ ᠭᠡᠷ ᠪᠠᠶᠢᠰᠢᠩ ᠵᠡᠷᠭᠡ ᠶᠢ ᠲᠤᠶᠢᠯᠪᠤᠷᠢᠲᠠᠢ ᠤᠬᠢᠶᠠᠵᠤ ᠴᠡᠪᠡᠷᠯᠡᠨ᠎ᠡ ᠃ ᠤᠰᠤ ᠤᠤᠭᠤᠬᠤ ᠬᠡᠮᠵᠢᠶ᠎ᠡ ᠨᠢ ᠶᠡᠷᠦ ᠳᠤ ᠪᠠᠨ  ᠲᠡᠵᠢᠭᠡᠯ ᠤᠨ ᠬᠤᠷᠣᠭᠳᠠᠯ ᠤᠨ ᠬᠡᠮᠵᠢᠶ᠎ᠡ ᠶᠢᠨ 2 ~ 3 ᠳᠠᠬᠢᠨ ᠪᠠᠶᠢᠳᠠᠭ᠂ ᠭᠡᠪᠡᠴᠦ ᠤᠰᠤ ᠶᠢ ᠬᠡᠲᠦᠷᠬᠡᠢ ᠠᠷᠪᠢᠨ ᠬᠠᠩᠭᠠᠬᠤ ᠨᠢ ᠵᠣᠬᠢᠰ ᠦᠭᠡᠢ᠂ ᠤᠴᠢᠷ ᠨᠢ ᠤᠰᠤ ᠠᠷᠪᠢᠨ ᠪᠣᠯ ᠳᠡᠪᠢᠰᠬᠡᠷ ᠤᠨ ᠴᠢᠭᠢᠭ ᠢ ᠬᠦᠨᠳᠦᠷᠡᠭᠦᠯᠵᠦ᠂ ᠤᠰᠤᠨ ᠬᠤᠭᠤᠯᠠᠢ ᠬᠡᠷᠡᠭᠯᠡᠬᠦ ᠦᠶ᠎ᠡ ᠳᠤ ᠤᠰᠤ ᠭᠤᠭᠤᠵᠢᠬᠤ ᠠᠴᠠ ᠰᠡᠷᠭᠡᠶᠢᠯᠡᠬᠦ ᠬᠡᠷᠡᠭᠲᠡᠢ ᠃      ᠡᠩ ᠤᠨ ᠲᠡᠵᠢᠭᠡᠯ ᠲᠠᠢ ᠮᠢᠬᠠᠨ  ᠤ ᠲᠠᠬᠢᠶᠠᠨ ᠰᠦᠷᠦᠭ ᠲᠤ ᠬᠠᠯᠳᠠᠪᠤᠷᠢᠲᠤ ᠪᠤᠰᠤ ᠠᠮᠢᠰᠬᠤᠯ ᠤᠨ ᠵᠠᠮ ᠤᠨ ᠡᠪᠡᠳᠴᠢᠨ ᠠᠮᠠᠷᠬᠠᠨ ᠡᠭᠦᠰᠳᠡᠭ᠂ ᠢᠯᠠᠩᠭᠤᠶ᠎ᠠ 25 ᠬᠤᠨᠤᠭ ᠤᠨ ᠨᠠᠰᠤ ᠣᠷᠴᠢᠮ ᠤᠨ ᠮᠢᠬᠠᠨ  ᠤ ᠲᠠᠬᠢᠶ᠎ᠠ ᠡᠪᠦᠯ ᠤᠨ ᠤᠯᠠᠷᠢᠯ ᠳᠤ ᠠᠮᠠᠷᠬᠠᠨ ᠡᠭᠦᠰᠳᠡᠭ᠃ ᠲᠤᠰ ᠡᠪᠡᠳᠴᠢᠨ ᠪᠣᠯ ᠠᠷᠠᠴᠢᠯᠠᠭ᠎ᠠ ᠳᠤᠳᠤᠮᠳᠠᠯᠭ᠎ᠠ ᠳᠤᠲᠠᠮᠠᠭᠠᠢ ᠪᠣᠯᠣᠭᠰᠠᠨ ᠤ ᠦᠷ᠎ᠡ ᠳ᠋ᠦᠩ ᠪᠣᠯᠣᠨ᠎ᠠ᠂ ᠭᠤᠣᠯᠳᠠᠭᠤ ᠲᠠᠬᠢᠶᠠᠨ ᠰᠠᠷᠠᠪᠴᠢ ᠶᠢᠨ ᠳᠣᠲᠣᠷᠠᠬᠢ ᠠᠭᠠᠷ ᠬᠠᠭᠤᠷᠠᠢ ᠂ ᠲᠣᠭᠤᠰᠣ ᠬᠡᠲᠦᠷᠬᠡᠢ ᠠᠷᠪᠢᠨ ᠪᠥᠭᠡᠳ ᠰᠠᠯᠬᠢ ᠨᠡᠪᠲᠡᠷᠡᠬᠦ ᠦᠭᠡᠢ ᠪᠠᠶᠢᠳᠠᠯ ᠳᠣᠣᠷ᠎ᠠ ᠂ ᠲᠠᠬᠢᠶᠠᠨ ᠰᠦᠷᠦᠭ ᠠᠮᠢᠰᠬᠤᠨ ᠣᠷᠣᠭᠤᠯᠵᠣ ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠠᠴᠠ ᠪᠣᠯᠵᠤ ᠡᠪᠡᠳᠴᠢᠯᠡᠳᠡᠭ ᠶᠤᠮ ᠃ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠣᠯ ᠰᠠᠷᠠᠪᠴᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠲᠤᠯᠠᠭᠰᠠᠨ ᠤᠷᠢᠲᠠᠯ ᠳᠣᠣᠷ᠎ᠠ ᠂ ᠰᠠᠯᠬᠢ ᠨᠡᠪᠲᠡᠷᠡᠭᠦᠯᠬᠦ ᠬᠡᠮᠵᠢᠶ᠎ᠡ ᠶᠢ ᠨᠡᠮᠡᠭᠳᠡᠭᠦᠯᠵᠦ ᠂ ᠰᠠᠷᠠᠪᠴᠢ ᠶᠢᠨ ᠳᠣᠲᠣᠷᠠᠬᠢ ᠬᠦᠴᠢᠯᠲᠥ᠋ᠷᠥᠭᠴᠢ ᠶᠢᠨ ᠠᠭᠤᠯᠤᠭᠳᠠᠴᠠ ᠶᠢ ᠪᠠᠲᠤᠯᠠᠬᠤ ᠪᠣᠯ᠂ ᠲᠠᠬᠢᠶᠠᠨ ᠰᠦᠷᠦᠭ ᠤᠨ ᠡᠪᠡᠳᠴᠢᠨ ᠡᠭᠦᠰᠬᠦ ᠦᠭᠡᠢ ᠪᠤᠶᠤ ᠴᠥᠭᠡᠨ ᠡᠪᠡᠳᠴᠢᠯᠡᠬᠦ ᠂ ᠡᠪᠡᠳᠴᠢᠯᠡᠭᠰᠡᠨ ᠤ ᠳᠠᠷᠠᠭ᠎ᠠ ᠲᠦᠷᠭᠡᠨ ᠡᠳᠡᠭᠡᠷᠡᠬᠦ ᠶᠢᠨ ᠦᠨᠳᠦᠰᠦᠨ ᠨᠥᠬᠦᠴᠡᠯ ᠪᠣᠯᠣᠨ᠎ᠠ ᠃      ᠲᠠᠪᠤ ᠂ ᠣᠷᠴᠢᠨ ᠲᠣᠭᠤᠷᠢᠨ ᠢ ᠡᠵᠡᠮᠳᠡᠵᠦ ᠂ ᠡᠷᠡᠭᠦᠯ ᠬᠠᠮᠠᠭᠠᠯᠠᠯ ᠢ ᠠᠩᠬᠠᠷᠬᠤ ᠬᠡᠷᠡᠭᠲᠡᠢ      ᠡᠩ ᠲᠡᠷᠢᠭᠦᠨ ᠳᠤ᠂ ᠡᠷᠡᠭᠦᠯ ᠮᠡᠨᠳᠦ ᠡᠭᠦᠯᠳᠡᠷ ᠤᠨ ᠲᠠᠬᠢᠶᠠᠨ ᠲᠠᠯᠠᠪᠠᠶ ᠠᠴᠠ ᠲᠠᠬᠢᠶᠠᠨ ᠡᠭᠦᠯᠳᠡᠷ ᠣᠷᠣᠭᠤᠯᠤᠨ ᠠᠪᠴᠢᠷᠠᠬᠤ ᠶᠢ ᠠᠩᠬᠠᠷᠴᠤ ᠂ ᠡᠭᠴᠡ ᠲᠠᠷᠬᠠᠯᠲᠠ ᠪᠠᠷ ᠡᠪᠡᠳᠴᠢᠨ ᠡᠭᠦᠰᠬᠡᠭᠴᠢ ᠶᠢ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠳᠠᠷᠠᠭ᠎ᠠ ᠳᠤ ᠨᠢ᠂ ᠲᠡᠵᠢᠭᠡᠪᠦᠷᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠲᠡᠢ ᠃ ᠠᠷᠠᠴᠢᠯᠠᠨ ᠲᠡᠵᠢᠭᠡᠬᠦ ᠪᠠᠭᠠᠵᠢ ᠬᠡᠷᠡᠭᠰᠡᠯ ᠬᠢᠭᠡᠳ ᠠᠷᠢᠭᠤᠳᠬᠠᠬᠤ ᠪᠠᠭᠠᠵᠢ ᠬᠡᠷᠡᠭᠰᠡᠯ ᠢ ᠴᠢᠩᠭ᠎ᠠ ᠢᠯᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ ᠂ ᠡᠪᠡᠳᠴᠢᠨ ᠡᠮᠭᠡᠭ ᠤᠨ ᠬᠦᠨᠳᠡᠯᠡᠨ ᠲᠠᠷᠬᠠᠯᠲᠠ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠬᠥᠷᠰᠢ ᠵᠡᠷᠭᠡᠯᠡᠳᠡᠭᠡ ᠲᠠᠬᠢᠶᠠᠨ ᠲᠠᠯᠠᠪᠠᠢ ᠵᠢᠴᠢ ᠲᠤᠰ ᠭᠠᠵᠠᠷ ᠣᠷᠣᠨ ᠤ ᠡᠪᠡᠳᠴᠢᠨ ᠡᠮᠭᠡᠭ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠲᠣᠰ ᠲᠠᠯᠠᠪᠠᠶ ᠶᠢᠨ ᠲᠠᠬᠢᠶᠠᠨ ᠰᠦᠷᠦᠭ ᠤᠨ ᠡᠷᠡᠭᠦᠯ ᠮᠡᠨᠳᠦ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ᠂ ᠬᠢᠵᠢᠭ ᠭᠠᠷᠪᠠᠯ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠲᠠᠬᠢᠶ᠎ᠠ ᠶᠢ ᠠᠷᠢᠭᠤᠳᠬᠠᠬᠤ ᠂ ᠬᠤᠯᠤᠭᠠᠨ᠎ᠠ ᠶᠢᠨ ᠬᠥᠨᠥᠭᠡᠯ ᠢ ᠤᠰᠠᠳᠬᠠᠬᠤ ᠂ ᠬᠤᠯᠤᠭᠠᠨ᠎ᠠ ᠶᠢᠨ ᠬᠥᠨᠥᠭᠡᠯ ᠤᠨ ᠡᠪᠡᠳᠴᠢᠨ ᠡᠮᠭᠡᠭ ᠲᠠᠷᠬᠠᠭᠠᠬᠤ ᠶᠢ ᠴᠢᠩᠭ᠎ᠠ ᠰᠡᠷᠭᠡᠶᠢᠯᠡᠬᠦ ᠂ ᠡᠪᠡᠳᠴᠢᠨ ᠢᠶᠠᠷ ᠦᠬᠦᠭᠰᠡᠨ ᠲᠠᠬᠢᠶ᠎ᠠ ᠶᠢ ᠰᠢᠲᠠᠭᠠᠵᠤ ᠪᠤᠯᠠᠵᠤ ᠰᠢᠢᠳᠪᠦᠷᠢᠯᠡᠬᠦ ᠂ ᠡᠪᠡᠳᠴᠢᠨ ᠲᠠᠢ ᠲᠠᠬᠢᠶ᠎ᠠ ᠶᠢ ᠡᠷᠡᠭᠦᠯ ᠲᠠᠬᠢᠶ᠎ᠠ ᠠᠴᠠ ᠲᠤᠰᠠᠭᠠᠷᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃      ᠡᠪᠦᠯ ᠤᠨ ᠤᠯᠠᠷᠢᠯ ᠤᠨ ᠮᠢᠬᠠᠨ  ᠤ ᠲᠠᠬᠢᠶ᠎ᠠ ᠶᠢᠨ ᠠᠷᠠᠴᠢᠯᠠᠯᠲᠠ ᠬᠠᠮᠢᠶᠠᠷᠤᠯᠲᠠ ᠪᠣᠯ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠢ ᠠᠵᠢᠯ ᠮᠥᠨ᠂ ᠳᠡᠭᠡᠷᠡᠬᠢ ᠬᠡᠳᠦᠨ ᠵᠦᠢᠯ ᠠᠴᠠ ᠭᠠᠳᠠᠨ᠎ᠠ ᠪᠠᠰᠠ ᠲᠠᠬᠢᠶᠠᠨ ᠤ ᠰᠦᠷᠦᠭ ᠤᠨ ᠡᠭᠡᠯᠢᠯᠡᠭᠡ᠂ ᠪᠣᠷᠳᠣᠭᠠᠨ ᠤ ᠶᠠᠰᠤ ᠴᠢᠨᠠᠷ᠂ ᠲᠡᠵᠢᠭᠡᠪᠦᠷᠢ ᠶᠢᠨ ᠠᠵᠢᠯᠲᠠᠨ ᠤ ᠬᠠᠮᠢᠶᠠᠷᠤᠯᠲᠠ ᠵᠡᠷᠭᠡ ᠣᠯᠠᠨ ᠲᠠᠯ᠎ᠠ ᠶᠢᠨ ᠡᠯᠧᠮᠧᠨ᠋ᠲ ᠤᠨ ᠨᠥᠯᠥᠭᠡ ᠪᠠᠶᠢᠳᠠᠭ᠂ ᠡᠶᠢᠮᠦ ᠠᠴᠠ ᠡᠯ᠎ᠡ ᠲᠠᠯ᠎ᠠ ᠶᠢᠨ ᠵᠠᠩᠭᠢᠯᠠᠭ᠎ᠠ  ᠶᠢ ᠡᠵᠡᠮᠰᠢᠨ ᠶᠡᠷᠦᠩᠬᠡᠶᠢᠯᠡᠨ ᠪᠣᠳᠣᠯᠬᠢᠯᠠᠪᠠᠯ ᠰᠠᠶ᠋ᠢ ᠡᠪᠦᠯ ᠤᠨ ᠤᠯᠠᠷᠢᠯ ᠤᠨ ᠮᠢᠬᠠᠨ  ᠤ ᠲᠠᠬᠢᠶ᠎ᠠ ᠶᠢᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃   
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号