ᠯᠢ ᠺᠧ ᠴᠢᠶᠠᠩ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2022/11/10
1.png
      ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠣᠷᠣᠢ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ ᠡᠾᠦ᠋ᠨᠰᠧᠨ ᠤ ᠤᠷᠢᠯᠭ᠎ᠠ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ       ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 8 ᠤ ᠡᠳᠦᠷ ᠤᠨ ᠣᠷᠣᠢ ᠂ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ ᠃ ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠢᠯᠴᠠᠵᠠᠢ᠃      ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ ᠃ ᠲᠤᠬᠠᠢ ᠶᠢᠨ ᠭᠠᠵᠠᠷ ᠤᠨ ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ ᠰᠣᠷᠭᠤᠭ ᠴᠡᠴᠡᠭ ᠬᠦᠷᠭᠡᠪᠡ ᠃ ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠸᠠᠩ ᠸᠧᠨ ᠲᠢᠶᠠᠨ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ ᠃      ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ ᠂ ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠲᠤ ᠪᠠᠷ ᠬᠠᠮᠠᠭᠠᠯᠠᠵᠤ ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠬᠤ ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ ᠬᠠᠮᠠᠭᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠡᠷ ᠬᠦᠰᠡᠨ ᠡᠷᠡᠮᠡᠯᠵᠡᠵᠦ ᠪᠠᠢᠨ᠎ᠠ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠪᠠ ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ  ᠶᠡᠬᠡ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠡᠢ᠃      ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ ᠬᠤᠭᠤᠴᠠᠭᠠᠨ ᠳᠤ ᠂ ᠯᠢ ᠺᠧ ᠴᠢᠶᠠᠩ 25 ᠳ᠋ᠤᠭᠠᠷ ᠤᠳᠠᠭ᠎ᠠ ᠶᠢᠨ ᠳᠤᠮᠳᠠᠳᠤ ᠤᠯᠤᠰ ︱ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ︵ 10 + 1 ︶ ᠤᠳᠤᠷᠢᠳᠬᠤ ᠬᠥᠮᠥᠰ ᠤᠨ ᠬᠤᠷᠠᠯ ᠂ 25 ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵ 10 + 3 ︶ ᠤᠳᠤᠷᠢᠳᠬᠤ ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠣᠨ᠎ᠠ᠃      ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ ᠂ ᠯᠢ ᠺᠧ ᠴᠢᠶᠠᠩ ᠤᠯᠤᠰ ᠤᠨ ᠸᠠᠩ ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ ᠾᠦᠨᠰᠧᠨ ᠲᠠᠢ ᠬᠡᠯᠡᠯᠴᠡᠭᠡ ᠬᠢᠵᠦ ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ ᠂ ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠂ ᠳᠤᠮᠳᠠᠳᠤ ᠤᠯᠤᠰ ᠤᠨ ᠺᠠᠮᠪᠤᠵᠠ ᠶᠢ ᠲᠤᠰᠠᠯᠠᠭᠰᠠᠨ ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ ᠣᠷᠣᠯᠴᠠᠨ᠎ᠠ ᠃   
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号