| | | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠣᠮ ᠪᠧᠩ ᠤᠨ ᠨᠠᠢᠷᠠᠮᠳᠠᠯ ᠲᠣᠮᠣ ᠠᠰᠠᠷ ᠲᠤ | ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ ᠠᠴᠠ ᠡᠮᠦᠨ᠎ᠡ ᠡᠾᠦ᠋ᠨᠰᠧᠨ | ᠨᠠᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠤᠭᠲᠤᠯᠭ᠎ᠠ ᠶᠢᠨ | ᠶᠣᠰᠣᠯᠠᠯ ᠶᠠᠪᠤᠭᠤᠯᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ | | ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ ᠠᠰᠠᠷ ᠲᠤ | ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ ᠃ ᠲᠡᠷᠢᠭᠦᠯᠡᠭᠴᠢ ᠰᠢ ᠶᠢᠨ ᠫᠢᠩ 2016 ᠣᠨ ᠳᠤ ᠺᠠᠮᠪᠤᠵᠠ ᠳᠤ | ᠠᠮᠵᠢᠯᠲᠠ ᠲᠠᠢ ᠠᠶᠢᠯᠴᠢᠯᠠᠯᠲᠠ ᠬᠢᠵᠦ ᠂ 2020 ᠣᠨ ᠳᠤ ᠮᠦᠨᠢᠯᠢᠶᠧ ᠲᠠᠶᠢᠬᠡᠦ ᠳᠤ ︽ ᠨᠥᠬᠦᠷᠯᠡᠯ ᠤᠨ ᠭᠠᠪᠢᠶᠠᠨ | ᠲᠡᠮᠳᠡᠭ ︾ ᠣᠯᠭᠤᠵᠤ ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ | ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ | ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ | ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠰᠠᠭᠤᠭᠳᠠᠯ | ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ ᠂ ᠪᠢ ᠠᠩᠬ᠎ᠠ ᠤᠳᠠᠭ᠎ᠠ ᠫᠨᠣᠮ | ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ | ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ | ᠪᠣᠯᠣᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ | ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ | ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ | ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ ᠂ | ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠳᠡᠮᠵᠢᠵᠦ ᠂ | ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ ᠂ | ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠬᠠᠷᠢᠯᠴᠠᠨ ᠳᠡᠮᠵᠢᠯᠴᠡᠵᠦ ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ | ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠬᠢᠶᠠᠯ | ᠪᠣᠯᠭᠠᠨ ᠂ ︽ ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ ᠃ | ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠶᠢᠯᠡᠰᠵᠢᠯᠲᠡ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ | ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ ᠠᠷᠢᠯᠭᠠᠬᠤ | ᠠᠵᠢᠯᠯᠠᠭ᠎ᠠ ᠶᠢ ᠥᠷᠨᠢᠭᠦᠯᠵᠦ ᠂ ᠺᠠᠮᠪᠤᠵᠠ ᠶᠢ ᠲᠤᠰᠠᠯᠠᠬᠤ ᠵᠠᠮ ᠂ ᠡᠮ ᠡᠮᠨᠡᠯᠭᠡ ᠂ ᠤᠰᠤ ᠬᠠᠩᠭᠠᠬᠤ ᠵᠡᠷᠭᠡ ᠲᠦᠷᠦᠯ ᠵᠦᠢᠯ ᠢ | ᠰᠠᠶᠢᠲᠤᠷ ᠨᠠᠶᠢᠳᠠᠪᠤᠷᠢᠵᠢᠭᠤᠯᠵᠤ ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ | ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠤᠷᠭᠠᠨ ᠬᠥᠮᠦᠵᠢᠯ ᠂ | ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ | ᠨᠢᠰᠬᠡᠯ ᠢ ᠨᠡᠮᠡᠭᠳᠡᠭᠦᠯᠵᠦ ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ | ᠤᠭᠲᠤᠨ᠎ᠠ ᠭᠡᠵᠡᠢ᠃ | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ ᠂ ᠬᠥᠭᠵᠢᠭᠰᠡᠨ ᠂ ᠴᠡᠴᠡᠭᠯᠡᠭᠰᠡᠨ ᠺᠠᠮᠪᠤᠵᠠ ᠨᠢ ᠭᠠᠵᠠᠷ | ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠺᠠᠮᠪᠤᠵᠠ ᠶᠢᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ | ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠭᠣᠣᠯᠯᠠᠬᠤ ᠪᠠᠶᠢᠷᠢ ᠰᠠᠭᠤᠷᠢ ᠶᠢ ᠡᠷᠡᠰ ᠳᠡᠮᠵᠢᠵᠦ ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ | ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ ᠣᠷᠣᠨ ᠤ | ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃ | ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ ᠳᠣᠲᠣᠨᠣᠰᠤᠭ ᠬᠠᠷᠢᠴᠠᠭ᠎ᠠ ᠲᠠᠢ | ᠨᠠᠶᠢᠵᠠ ᠶᠤᠮ ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ ᠺᠠᠮᠪᠤᠵᠠ ᠶᠢᠨ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ | ᠣᠯᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠦ ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ ᠃ ᠺᠠᠮᠪᠤᠵᠠ ᠶᠢᠨ | ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠺᠠᠮᠪᠤᠵᠠ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ ᠂ ᠳᠤᠷᠠᠲᠠᠶ᠎ᠠ | ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 | ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠬᠥᠳᠡᠭᠡ | ᠠᠵᠤ ᠠᠬᠤᠢ ᠂ ᠡᠨᠧᠷᠭᠢ ᠂ ᠰᠠᠭᠤᠷᠢ ᠲᠥᠬᠦᠭᠡᠷᠦᠮᠵᠢ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠰᠣᠶᠣᠯ ᠢᠷᠭᠡᠨᠰᠢᠯ | ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠡᠨ ᠴᠢᠩᠭᠠᠳᠬᠠᠵᠤ ᠂ ᠬᠤᠶᠠᠷ ᠤᠯᠤᠰ ᠤᠨ ᠬᠠᠷᠢᠯᠴᠠᠭ᠎ᠠ ᠪᠣᠯᠣᠨ | ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ ᠂ ᠳᠤᠷᠠᠲᠠᠶ᠎ᠠ ᠳᠤᠮᠳᠠᠳᠤ ᠶᠢᠨ | ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ ᠂ | ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ | ᠬᠠᠮᠠᠭᠠᠯᠠᠨ᠎ᠠ ᠭᠡᠵᠡᠢ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ ᠰᠠᠶᠢᠳ | ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ ᠂ ᠰᠠᠭᠤᠷᠢ ᠲᠥᠬᠦᠭᠡᠷᠦᠮᠵᠢ ᠂ ᠰᠤᠷᠭᠠᠨ | ᠬᠥᠮᠦᠵᠢᠯ ᠂ ᠬᠢᠲᠠᠳ ᠡᠮ ᠡᠮᠨᠡᠯᠭᠡ ᠂ ᠪᠣᠭᠤᠮᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠦ ᠠᠷᠪᠠᠨ ᠬᠡᠳᠦᠨ ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ ᠂ ᠫᠨᠣᠮ ᠪᠧᠩ ᠠᠴᠠ ᠰᠢᠾᠠᠨᠦ᠋ᠺ | ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ ᠃ ᠳᠤᠮᠳᠠᠳᠤ | ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃ | ᠬᠡᠯᠡᠯᠴᠡᠭᠡ ᠬᠢᠬᠦ ᠠᠴᠠ ᠡᠮᠦᠨ᠎ᠡ ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ | ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ ᠰᠠᠶᠢᠳ | ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ ᠺᠠᠮᠪᠤᠵᠠ ᠬᠤᠶᠠᠷ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ | ᠶᠣᠰᠣᠯᠠᠯ ᠤᠨ ᠠᠩᠭᠢ ᠶᠢ ᠰᠢᠯᠭᠠᠨ ᠦᠵᠡᠪᠡ ᠃ | ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ | ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃ | ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ | | | |