ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ︽ᠳᠠᠷᠬᠠᠨ ᠮᠣᠣᠮᠢᠩᠭᠠᠨ ᠲᠠᠯ᠎ᠠ ᠨᠤᠲᠤᠭ ᠤᠨ ᠬᠤᠨᠢᠨ ᠮᠢᠬ᠎ᠠ︾ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠳᠤ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2022/11/23
      11 ᠰᠠᠷ᠎ᠠ ᠶᠢᠨ 18 ᠤ ᠡᠳᠦᠷ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠪᠠᠢ ᠪᠦᠷᠢᠨ ᠬᠢᠨᠠᠨ ᠬᠠᠮᠢᠶᠠᠷᠬᠤ ᠰᠠᠯᠠᠭ᠎ᠠ᠂ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠨᠢᠭᠡ ᠪᠦᠯᠦᠭ ᠬᠥᠮᠥᠰ ᠢ ᠳᠠᠭᠠᠭᠤᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠬᠦᠷᠴᠦ ︽ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢᠨ ᠮᠢᠬ᠎ᠠ︾ ᠶᠢᠨ ᠭᠠᠵᠠᠷ ᠵᠦᠢ ᠶᠢᠨ ᠢᠯᠡᠷᠬᠡᠶᠢᠯᠡᠯᠳᠦ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠪᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠹᠧᠩ ᠢᠦᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠲᠢᠶᠠᠨ ᠢᠦᠢ ᠮᠦ ᠭᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠤᠨᠢᠨ ᠮᠢᠬᠠᠨ ᠤ ᠭᠠᠵᠠᠷ ᠵᠦᠢ ᠶᠢᠨ ᠢᠯᠡᠷᠬᠡᠶᠢᠯᠡᠯᠳᠦ  ᠪᠦᠳᠦᠭᠡᠭᠳᠡᠭᠦᠨ ᠤ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠭᠠᠵᠠᠷ ᠵᠦᠢ ᠶᠢᠨ ᠢᠯᠡᠷᠬᠡᠶᠢᠯᠡᠯᠳᠦ  ᠪᠦᠳᠦᠭᠡᠭᠳᠡᠭᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠦᠰᠦᠨᠦᠭᠲᠦ ᠶᠢᠨ ᠶᠣᠰᠣᠭᠠᠷ ᠬᠤᠪᠢ ᠥᠭᠴᠡᠢ ᠃ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠵᠦ ᠳᠠᠭᠤᠰᠤᠭᠰᠠᠨ ᠤ ᠳᠠᠷᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠭᠠᠵᠠᠷ ᠵᠦᠢ ᠶᠢᠨ ᠢᠯᠡᠷᠬᠡᠶᠢᠯᠡᠯᠳᠦ  ᠪᠦᠳᠦᠭᠡᠭᠳᠡᠭᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠣᠪᠴᠢᠶᠠᠨ ᠤ ᠳᠠᠷᠤᠭ᠎ᠠ ᠪᠠᠢ ᠪᠦᠷᠢᠨ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠭᠤᠣᠯᠳᠠᠯᠭ᠎ᠠ ᠲᠠᠢ ᠴᠢᠬᠤᠯᠠᠴᠢᠯᠠᠭᠰᠠᠨ ᠨᠢ᠄ ᠨᠢᠭᠡ ᠳᠤ ᠲᠥᠷᠥᠯ ᠵᠦᠢᠯ ᠤᠨ ᠪᠡᠯᠡ ᠮᠥᠩᠭᠦ ᠶᠢ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠲᠠᠰᠤ ᠬᠤᠷᠢᠭᠯᠠᠵᠤ᠂ ᠪᠡᠯᠡ ᠮᠥᠩᠭᠦ ᠶᠢᠨ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ︔ ᠬᠤᠶᠠᠷ ᠲᠤ ᠡᠭᠦᠯᠳᠡᠷ ᠢ ᠪᠣᠶᠢᠵᠢᠭᠤᠯᠬᠤ ᠂ ᠭᠤᠣᠯᠯᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠠᠵᠢᠯ ᠳᠤ ᠪᠤᠰᠤᠳ ᠬᠤᠯᠪᠣᠭᠳᠠᠯ ᠪᠦᠬᠦᠢ ᠵᠦᠢᠯᠡᠰ ᠤᠨ ᠪᠡᠯᠡ ᠮᠥᠩᠭᠦ ᠶᠢ ᠭᠦᠢᠴᠡᠳ ᠠᠰᠢᠭᠯᠠᠵᠤ ᠂ ᠭᠠᠵᠠᠷ ᠵᠦᠢ ᠶᠢᠨ ᠢᠯᠡᠷᠬᠡᠶᠢᠯᠡᠯᠳᠦ  ᠪᠦᠳᠦᠭᠡᠭᠳᠡᠭᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠡᠯᠡ ᠮᠥᠩᠭᠦ ᠶᠢ ᠭᠤᠣᠯᠳᠠᠭᠤ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠬᠡᠷᠡᠭᠯᠡᠬᠦ ᠬᠡᠷᠡᠭᠲᠡᠢ ︔ ᠭᠤᠷᠪᠠ ᠳᠤ ᠵᠢᠯ ᠤᠨ ᠡᠴᠦᠰ ᠤᠨ ᠥᠪᠡᠷᠲᠡᠭᠡᠨ ᠵᠠᠰᠠᠬᠤ ᠣᠷᠣᠨ ᠠᠴᠠ ᠪᠣᠭᠤᠲᠦ ᠬᠤᠲᠠ ᠶᠢᠨ ᠭᠠᠵᠠᠷ ᠵᠦᠢ ᠶᠢᠨ ᠢᠯᠡᠷᠬᠡᠶᠢᠯᠡᠯᠳᠦ  ᠪᠦᠳᠦᠭᠡᠭᠳᠡᠭᠦᠨ ᠤ ᠲᠥᠷᠥᠯ ᠵᠦᠢᠯ ᠤᠨ ᠰᠦᠯᠵᠢᠶᠡᠨ ᠳᠡᠭᠡᠷ᠎ᠡ ᠰᠢᠯᠭᠠᠨ ᠦᠨᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠠᠷᠠᠭ᠎ᠠ ᠵᠢᠯ ᠤᠨ ᠮᠡᠳᠡᠭᠦᠯᠬᠦ ᠠᠵᠢᠯ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠪᠡ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号