ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ | ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ | ᠲᠦᠷᠦᠬᠦᠬᠡᠨ 2022 ᠣᠨ ᠤ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ︽ᠡᠭᠦᠯᠳᠡᠷ ᠢ | ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ | ᠦᠢᠯᠡᠳᠪᠦᠷᠢᠯᠡᠬᠦ︾ ᠨᠡᠶᠢᠲᠡᠯᠢᠭ ᠬᠡᠷᠡᠭ ᠤᠨ ᠵᠢᠱᠢᠶ᠎ᠠ ᠶᠢᠨ 40 ᠨᠢᠭᠡᠴᠢ ᠶᠢ ᠨᠡᠶᠢᠲᠡᠯᠡᠪᠡ ᠂ ᠡᠬᠦᠨ ᠳᠤ ᠮᠠᠨ ᠤ | ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠡᠭᠦᠯᠳᠡᠷ ᠢ | ᠰᠠᠶᠢᠵᠢᠷᠠᠭᠤᠯᠤᠨ ᠠᠵᠤ ᠦᠢᠯᠡᠰ ᠢ ᠠᠬᠢᠭᠤᠯᠵᠤ ᠲᠠᠯ᠎ᠠ ᠨᠤᠲᠤᠭ ᠤᠨ ︿ᠦᠬᠡᠷ﹀ ᠢᠶᠠᠷ ᠬᠤᠰᠢᠭᠤ ᠪᠠᠨ ᠬᠦᠭᠵᠢᠬᠦᠯᠬᠦ︾ | ᠬᠡᠷᠡᠭ ᠤᠨ ᠵᠢᠱᠢᠶ᠎ᠠ ᠰᠤᠩᠭᠤᠭᠳᠠᠭᠰᠠᠨ ᠪᠠᠶᠢᠨ᠎ᠠ ᠃ | ᠣᠶᠢᠯᠠᠭᠠᠭᠰᠠᠨ ᠢᠶᠠᠷ᠂ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ | ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠶᠢ ᠠᠬᠢᠭᠤᠯᠬᠤ ᠪᠣᠯ ᠬᠦᠳᠡᠭᠡ ᠠᠵᠤ | ᠠᠬᠤᠢ ᠶᠢᠨ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠤᠯᠤᠨ᠎ᠠ᠃ ᠡᠯ᠎ᠡ ᠱᠠᠳᠤᠨ ᠤ ᠬᠦᠳᠡᠭᠡ ᠠᠵᠤ ᠠᠬᠤᠢ ᠬᠥᠳᠡᠭᠡ ᠲᠤᠰᠬᠤᠨ ᠤ ᠰᠠᠯᠠᠭ᠎ᠠ ᠮᠥᠴᠢᠷ ᠤᠳ ᠬᠦᠳᠡᠭᠡ | ᠠᠵᠤ ᠠᠬᠤᠢ ᠶᠢᠨ ᠦᠢᠯᠡᠳᠪᠦᠷᠢᠯᠡᠯ ᠤᠨ ︽ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ | ᠲᠦᠷᠦᠯ ᠳᠡᠮᠳᠡᠭ ᠢ ᠴᠤᠭᠴᠠᠯᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠠᠵᠢᠯᠯᠠᠭ᠎ᠠ ᠶᠢ ᠶᠡᠭᠡ ᠪᠠᠷ | ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠭᠡ ᠵᠣᠬᠢᠴᠠᠭᠤᠯᠭ᠎ᠠ ᠪᠠᠨ ᠴᠢᠩᠭᠠᠳᠬᠠᠨ ᠂ ᠠᠵᠢᠯ ᠤᠨ ᠲᠣᠭᠲᠠᠴᠠ ᠶᠢ | ᠪᠦᠷᠢᠨᠰᠢᠬᠦᠯᠵᠦ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠴᠢᠩᠭᠠᠷᠠᠭᠤᠯᠵᠤ᠂ ᠢᠳᠡᠪᠬᠢ ᠠᠬᠢᠴᠠ ᠲᠠᠢ ᠪᠤᠯᠵᠠᠢ᠃ | ᠣᠶᠢᠷ᠎ᠠ ᠶᠢᠨ ᠵᠢᠯ ᠳᠤ᠂ ᠮᠠᠨ ᠤ ᠣᠷᠣᠨ ᠤᠯᠤᠰ ᠤᠨ ᠳᠡᠰ ᠤᠨ ᠮᠠᠯ ᠵᠢᠭᠦᠷᠲᠡᠨ ᠤ ᠭᠤᠣᠯ ᠡᠭᠦᠯᠳᠡᠷ | ᠪᠣᠶᠢᠵᠢᠭᠤᠯᠬᠤ 11 ᠲᠠᠯᠠᠪᠠᠢ᠂ ᠪᠤᠬ᠎ᠠ ᠪᠣᠶᠢᠵᠢᠭᠤᠯᠬᠤ 5 ᠥᠷᠲᠡᠭᠡ ᠪᠠ 100 ᠲᠦᠮᠡᠨ ᠮᠥ ᠶᠢᠨ ᠰᠠᠶᠢᠨ | ᠡᠭᠦᠯᠳᠡᠷ ᠢ ᠪᠣᠶᠢᠵᠢᠭᠤᠯᠬᠤ ᠤᠯᠤᠰ ᠤᠨ ᠳᠡᠰ ᠤᠨ ᠰᠠᠭᠤᠷᠢᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠂ | ᠰᠠᠭᠠᠯᠢ ᠶᠢᠨ ᠦᠨᠢᠶᠡᠨ ᠤ ᠢᠴᠡᠭᠡᠯ ᠦᠷ᠎ᠡ ᠪᠠ ᠨᠠᠷᠠᠨ ᠬᠤᠸᠠᠷ ᠤᠨ ᠦᠷ᠎ᠠ ᠶᠢᠨ ᠦᠢᠯᠡᠰ ᠤᠨ ᠪᠦᠬᠦ ᠤᠯᠤᠰ ᠤᠨ | ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠵᠢᠴᠢ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠪᠣᠶᠢᠵᠢᠭᠤᠯᠬᠤ | ᠴᠢᠳᠠᠪᠤᠷᠢ ᠪᠠᠷ ᠪᠦᠬᠦ ᠤᠯᠤᠰ ᠤᠨ ᠲᠦᠷᠦᠭᠦᠨ ᠳᠤ ᠣᠷᠣᠪᠠ᠃ ᠡᠷᠳᠡᠨᠢ ᠰᠢᠰᠢ᠂ ᠰᠦ ᠶᠢᠨ ᠦᠢᠯᠡᠰ ᠤᠨ 2 | ᠮᠢᠩᠭᠠᠨ ᠳ᠋ᠦᠩᠰᠢᠭᠤᠷ ᠳᠡᠰ ᠤᠨ ᠪᠤᠯᠤᠨ ᠮᠠᠯ ᠠᠵᠤ ᠠᠬᠤᠢ ᠲᠠᠷᠢᠶᠠᠯᠠᠩ ᠤᠨ 10 ᠵᠠᠭᠤᠨ ᠳ᠋ᠦᠩᠰᠢᠭᠤᠷ ᠳᠡᠰ ᠤᠨ | ᠠᠵᠤ ᠦᠢᠯᠡᠰ ᠢ ᠦᠷᠭᠦᠯᠵᠢᠯᠡᠨ ᠰᠠᠶᠢᠳᠤᠷ ᠠᠳᠬᠤᠵᠤ ᠂ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ | ᠾᠤᠺᠲ᠋ᠠᠷ ᠤᠨ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠥᠬᠡᠢ ᠦᠨᠦᠷ ᠠᠮᠲᠠ︾ | ᠶᠢᠨ ᠶᠡᠷᠦᠩᠬᠡᠢ ᠲᠥᠷᠥᠯ ᠲᠡᠮᠳᠡᠭ ᠤᠨ ᠳᠦᠷᠢ ᠲᠥᠷᠬᠦ ᠶᠢ ᠱᠤᠭᠤᠵᠤ᠂ ᠮᠠᠯ ᠠᠵᠤ ᠠᠬᠤᠢ ᠲᠠᠷᠢᠶᠠᠯᠠᠩ ᠤᠨ | ᠥᠷᠢᠰᠦᠯᠳᠦᠬᠦ ᠬᠦᠴᠦᠨ ᠢ ᠲᠠᠰᠤᠷᠠᠯᠲᠠ ᠥᠬᠡᠢ ᠴᠢᠩᠭᠠᠷᠠᠭᠤᠯᠤᠭᠰᠠᠨ ᠪᠠᠶᠢᠨ᠎ᠠ ᠃ | |