ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ 22 ᠳ᠋ᠦᠩᠰᠢᠭᠤᠷ ᠭᠠᠷᠤᠢ ᠲᠥᠭᠦᠷᠢᠭ ᠤᠨ ᠠᠮᠤ ᠪᠤᠳᠠᠭ᠎ᠠ ᠲᠠᠷᠢᠭᠰᠠᠨ ᠨᠥᠬᠦᠪᠥᠷᠢ ᠪᠠᠭᠤᠯᠭᠠᠪᠠ
ᠨᠡᠶᠢᠲᠡᠯᠡᠭᠰᠡᠨ ᠴᠠᠭ᠄
2022/11/29
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ ᠡᠬᠢᠨ ᠠᠴᠠ ᠨᠠᠭᠠᠰᠢ ᠲᠥᠪ ᠤᠨ ᠡᠳ᠋ ᠤᠨ ᠵᠠᠰᠠᠭ ᠠᠴᠠ ᠤᠷᠢᠳ ᠬᠤᠵᠢᠳ ᠭᠤᠷᠪᠠᠨ ᠪᠦᠯᠦᠭ ᠬᠤᠪᠢᠶᠠᠨ ᠮᠠᠨ ᠤ ᠣᠷᠣᠨ ᠤ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ ᠳᠤ ᠤᠯᠭᠤᠬᠤ ᠨᠢᠭᠡ ᠯᠡ ᠤᠳᠠᠭ᠎ᠠ ᠶᠢᠨ ᠴᠢᠨᠠᠷᠲᠠᠶ ᠨᠦᠬᠦᠪᠤᠷᠢ ᠶᠢ ᠨᠡᠶᠢᠲᠡ 22 ᠳ᠋ᠦᠩᠰᠢᠭᠤᠷ ᠭᠠᠷᠤᠢ ᠲᠥᠭᠦᠷᠢᠭ ᠪᠠᠭᠤᠯᠭᠠᠪᠠ᠃      ᠲᠥᠪ ᠤᠨ ᠡᠳ᠋ ᠤᠨ ᠵᠠᠰᠠᠭ ᠤᠨ ᠲᠣᠭᠲᠠᠭᠠᠭᠰᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳᠡᠬᠡᠷ ᠨᠥᠬᠦᠪᠥᠷᠢ ᠮᠥᠩᠭᠦ ᠶᠢ ᠴᠦᠮ ᠡᠯ᠎ᠡ ᠠᠶᠢᠮᠠᠭ ᠬᠤᠲᠠ ᠳᠤ ᠪᠠᠭᠤᠯᠭᠠᠬᠤ ᠶᠢᠨ ᠬᠠᠮᠲᠤ ᠡᠯ᠎ᠡ ᠠᠢᠮᠠᠭ ᠬᠤᠲᠠ ᠶᠢ ᠨᠥᠬᠦᠪᠥᠷᠢ ᠮᠥᠩᠭᠦ ᠶᠢ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ ᠳᠤ ᠳᠠᠷᠤᠶᠢᠬᠠᠨ ᠣᠯᠭᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠦᠰᠦᠭᠰᠡᠨ ᠠᠴᠠ ᠪᠤᠯᠤᠭᠰᠠᠨ ᠠᠮᠦ ᠪᠤᠳᠠᠭ᠎ᠠ ᠲᠠᠷᠢᠬᠤ ᠵᠠᠷᠤᠯᠭ᠎ᠠ ᠨᠡᠮᠡᠭᠳᠡᠬᠦ ᠨᠥᠯᠥᠭᠡ ᠶᠢ ᠨᠠᠮᠳᠠᠭᠤᠯᠤᠨ᠂ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ ᠳᠤ ᠦᠨᠡᠨ ᠬᠦ ᠠᠰᠢᠭ ᠬᠦᠷᠲᠡᠭᠡᠵᠦ᠂ ᠮᠠᠯᠴᠢᠨ ᠲᠠᠷᠢᠶᠠᠴᠢᠨ ᠤ ᠠᠮᠤ ᠪᠤᠳᠠᠭ᠎ᠠ ᠳᠡᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠭᠡᠵᠦ ᠱᠠᠭᠠᠷᠳᠠᠵᠠᠢ᠃      ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠦᠳᠤᠮᠵᠢᠳᠤ ᠴᠢᠨᠠᠷ᠂ ᠣᠨᠣᠪᠴᠢᠲᠤ ᠴᠢᠨᠠᠷ ᠢ ᠴᠢᠩᠭᠠᠳᠬᠠᠨ ᠂ ᠪᠥᠬᠦ ᠣᠷᠣᠨ ᠤ ᠡᠯ᠎ᠡ ᠭᠠᠵᠠᠷ ᠤᠨ ᠠᠵᠢᠯ ᠳᠤ ᠲᠥᠬᠦᠮ ᠦᠵᠡᠬᠦᠯᠬᠦ ᠶᠢᠨ ᠲᠦᠯᠦᠬᠡ᠂ 2022 ᠣᠨ ᠳᠤ ᠮᠠᠨ ᠤ ᠣᠷᠣᠨ ᠤ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ ᠳᠤ ᠨᠥᠬᠦᠪᠥᠷᠢ ᠤᠯᠭᠤᠬᠤ ᠲᠠᠯ᠎ᠠ ᠪᠠᠷ 2021 ᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠂ ᠨᠥᠬᠦᠪᠥᠷᠢ ᠤᠯᠭᠤᠬᠤ ᠡᠲᠡᠭᠡᠳ ᠲᠤ ᠥᠪᠡᠷ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠲᠠᠭᠠᠨ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠨ ᠠᠪᠴᠦ ᠠᠮᠤ ᠪᠤᠳᠠᠭ᠎ᠠ ᠲᠠᠷᠢᠭᠰᠠᠨ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠮᠠᠯᠴᠢᠨ ᠲᠠᠷᠢᠶᠠᠴᠢᠨ ᠤ ᠲᠤᠰᠬᠠᠢ ᠬᠤᠷᠱᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠪᠠᠭᠲᠠᠨ᠎ᠠ ᠃ ᠲᠠᠷᠢᠶᠠᠨ ᠭᠠᠵᠠᠷ ᠢ ᠬᠠᠭᠠᠯᠪᠤᠷᠢᠯᠠᠵᠤ ᠲᠡᠭᠰᠢᠯᠡᠬᠦ᠂ ᠠᠮᠤ ᠪᠤᠳᠠᠭ᠎ᠠ ᠲᠠᠷᠢᠵᠤ ᠬᠤᠷᠢᠶᠠᠬᠤ ᠦᠢᠯᠡᠳᠪᠤᠷᠢᠯᠡᠯ ᠤᠨ ᠪᠦᠬᠦ ᠶᠠᠪᠤᠴᠠ ᠳᠤ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠳᠡᠭᠡᠨ ᠦᠢᠯᠡᠴᠢᠯᠡᠭᠡ ᠬᠠᠩᠭᠠᠬᠤ ᠪᠠ ᠦᠢᠯᠡᠴᠢᠯᠡᠭᠡ ᠬᠦᠷᠳᠡᠭᠰᠡᠨ ᠬᠤᠶᠠᠷ ᠲᠠᠯ᠎ᠠ ᠶᠢᠨ ᠭᠡᠷ᠎ᠡ ︵ᠵᠥᠪᠳᠡᠯᠴᠡᠬᠡᠷ︶ ᠶᠢ ᠦᠨᠳᠦᠰᠦᠯᠡᠨ᠂ ᠡᠯ᠎ᠠ ᠠᠶᠢᠮᠠᠭ ᠬᠤᠲᠠ᠂ ᠬᠤᠰᠢᠭᠤ ᠰᠢᠶᠠᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠥᠬᠦᠪᠥᠷᠢ ᠣᠯᠭᠤᠬᠤ ᠡᠲᠡᠭᠡᠳ ᠢ ᠲᠣᠭᠲᠠᠭᠠᠵᠤ ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠦᠰᠦᠭᠰᠡᠨ ᠠᠴᠠ ᠪᠤᠯᠤᠭᠰᠠᠨ ᠥᠪᠡᠷ ᠤᠨ ᠥᠷᠲᠡᠭ ᠤᠨ ᠨᠡᠮᠡᠭᠳᠡᠯ ᠤᠨ ᠭᠤᠣᠯ ᠡᠭᠦᠷᠭᠡᠯᠡᠭᠴᠢ ᠳᠤ ᠨᠥᠬᠦᠪᠥᠷᠢ ᠪᠤᠯᠭᠠᠨ ᠦᠭᠬᠦ ᠪᠤᠯᠤᠨ᠎ᠠ᠃ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠬᠦᠢᠯᠬᠡᠬᠡᠭᠰᠡᠨ ᠬᠤᠪᠢ ᠬᠥᠮᠦᠨ ᠪᠣᠯᠤᠨ ᠵᠣᠬᠢᠶᠠᠨ ᠪᠠᠶᠢᠭᠤᠯᠤᠯᠲᠠ ᠳᠤ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢᠨ ᠬᠦᠢᠯᠬᠡᠬᠡ ᠶᠢᠨ ᠭᠡᠷ᠎ᠡ ︵ᠵᠥᠪᠯᠡᠯᠴᠡᠭᠡᠷ︶ ᠶᠢ ᠦᠨᠳᠦᠰᠦᠯᠡᠨ ᠨᠥᠬᠦᠪᠥᠷᠢ ᠮᠦᠡᠭᠬᠦ ᠣᠯᠭᠤᠬᠤ ᠡᠲᠡᠭᠡᠳ ᠢ ᠲᠣᠭᠲᠠᠭᠠᠨ᠎ᠠ ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ᠂ ᠡᠯ᠎ᠡ ᠠᠶᠢᠮᠠᠭ ᠬᠤᠲᠠ ᠶᠢᠨ ᠬᠢᠨ ᠨᠦᠬᠦᠪᠤᠷᠢ ᠶᠢᠨ ᠬᠡᠮᠵᠢᠶ᠎ᠡ᠂ ᠠᠮᠤ ᠪᠤᠳᠠᠭ᠎ᠠ ᠳᠠᠷᠢᠭᠰᠠᠨ ᠲᠠᠯᠠᠪᠠᠶ ᠵᠡᠷᠭᠡ ᠪᠠᠶᠢᠳᠠᠯ ᠲᠠᠢ ᠤᠶᠠᠯᠳᠤᠭᠤᠯᠤᠨ ᠪᠠᠯᠠ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ ᠶᠢ ᠶᠡᠷᠦᠩᠭᠡᠶᠢᠯᠡᠨ ᠲᠣᠭᠲᠠᠭᠠᠵᠤ ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠬᠡᠪᠴᠢᠶᠡᠨ ᠳᠠᠬᠢ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ ᠬᠡᠷᠡᠭᠲᠡᠢ ︔ ᠨᠦᠬᠦᠪᠤᠷᠢ ᠣᠯᠭᠤᠬᠤ ᠠᠷᠭ᠎ᠠ ᠬᠡᠯᠪᠡᠷᠢ ᠶᠢ ᠡᠯ᠎ᠡ ᠠᠶᠢᠮᠠᠭ ᠬᠤᠲᠠ ᠠᠴᠠ 2021 ᠣᠨ ᠤ ᠬᠠᠮᠢᠶ᠎ᠠ ᠪᠥᠬᠦᠶ ᠠᠵᠢᠯ ᠤᠨ ᠰᠠᠭᠤᠷᠢᠨ ᠳᠡᠭᠡᠷ᠎ᠡ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠳᠡᠢ ᠬᠡᠵᠤ ᠱᠠᠭᠠᠷᠳᠠᠪᠠ᠃ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠡᠯ᠎ᠡ ᠠᠶᠢᠮᠠᠭ ᠬᠤᠲᠠ ᠶᠢᠨ ᠬᠢᠨ ᠠᠮᠤ ᠪᠤᠳᠠᠭ᠎ᠠ ᠲᠠᠷᠢᠭᠰᠠᠨ ᠮᠠᠯᠴᠢᠨ ᠲᠠᠷᠢᠶᠠᠴᠢᠨ ᠳᠤ ᠨᠥᠬᠦᠪᠥᠷᠢ ᠣᠯᠭᠤᠬᠤ ᠶᠣᠰᠣᠲᠠᠶ ᠳᠤᠨᠢ ᠪᠦᠬᠦᠨ ᠢ ᠣᠯᠭᠤᠬᠤ ᠶᠢ ᠦᠨᠳᠦᠰᠦᠨ ᠳᠡᠭᠡᠨ ᠪᠡᠶᠡᠯᠡᠭᠦᠯᠪᠡ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号