ᠲᠡᠵᠢᠭᠡᠨ ᠦᠷᠡᠵᠢᠭᠦᠯᠬᠦ ᠦᠨᠡᠮᠯᠡᠯ ᠣᠯᠭᠤᠬᠤ ᠬᠡᠪᠴᠢᠶ᠎ᠡ
ᠨᠡᠶᠢᠲᠡᠯᠡᠭᠰᠡᠨ ᠴᠠᠭ᠄
2022/12/15
      ᠤᠰᠤᠨ ᠤ ᠴᠠᠷᠠᠭ᠎ᠠ ᠂ ᠭᠤᠣᠯ ᠤᠨ ᠰᠠᠶᠢᠷᠭᠠᠯ ᠤᠨ ᠡᠷᠬᠡ ᠶᠢᠨ ᠬᠠᠷᠢᠶᠠᠯᠠᠯ ᠤᠨ ᠰᠢᠨᠵᠢ ᠴᠢᠨᠠᠷ ᠤᠨ ᠠᠳᠠᠯᠢ ᠪᠤᠰᠤ ᠶᠢ ᠦᠨᠳᠦᠰᠦᠯᠡᠨ ᠂ ᠪᠣᠳᠠᠲᠠᠢ ᠪᠠᠷ ᠬᠤᠶᠠᠷ ᠵᠦᠢᠯ ᠤᠨ ᠪᠠᠶᠢᠳᠠᠯ ᠳᠤ ᠬᠤᠪᠢᠶᠠᠨ᠎ᠠ ᠄      ᠨᠢᠭᠡ ᠂ ᠠᠷᠠᠳ ᠨᠡᠶᠢᠲᠡ ᠶᠢᠨ ᠥᠮᠴᠢᠯᠡᠯ ᠤᠨ ᠤᠰᠤᠨ ᠤ ᠴᠠᠷᠠᠭ᠎ᠠ ᠂ ᠭᠤᠣᠯ ᠤᠨ ᠰᠠᠶᠢᠷᠭᠠᠯ ᠳᠤ ︽ ᠵᠢᠭᠠᠰᠤᠨ ᠠᠵᠤ ᠠᠬᠤᠢ ᠶᠢᠨ ᠬᠠᠤᠯᠢ ︾ ᠪᠠ ︽ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠲᠣᠭᠲᠠᠭᠠᠯ ᠶᠣᠰᠣᠭᠠᠷ ᠤᠰᠦᠠ ᠤ ᠴᠠᠷᠠᠭ᠎ᠠ ᠂ ᠭᠤᠣᠯ ᠤᠨ ᠰᠠᠶᠢᠷᠭᠠᠯ   ᠤᠨ ᠲᠡᠵᠢᠭᠡᠨ  ᠦᠷᠡᠵᠢᠭᠦᠯᠭᠡ ᠳᠤ ᠬᠡᠷᠡᠭᠯᠡᠬᠦ ᠡᠷᠬᠡ ᠶᠢ ᠲᠣᠭᠲᠠᠭᠠᠨ᠎ᠠ ᠃      ᠬᠤᠶᠠᠷ ᠂ ᠲᠠᠷᠢᠶᠠᠯᠠᠩ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠵᠦ ᠪᠠᠶᠢᠭ᠎ᠠ ᠬᠠᠮᠲᠤ ᠶᠢᠨ ᠥᠮᠴᠢᠯᠡᠯ ᠤᠨ ᠪᠤᠶᠤ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ ᠂ ᠭᠤᠣᠯ ᠤᠨ ᠰᠠᠶᠢᠷᠭᠠᠯ ᠢ ︽ ᠵᠢᠭᠠᠰᠤᠨ ᠠᠵᠤ ᠠᠬᠤᠢ ᠶᠢᠨ ᠬᠠᠤᠯᠢ ︾ ᠂ ︽ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠣᠯᠣᠨ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠦᠠ ᠤ ᠴᠠᠷᠠᠭ᠎ᠠ ᠂ ᠭᠤᠣᠯ ᠤᠨ ᠰᠠᠶᠢᠷᠭᠠᠯ ᠤᠨ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠭᠲᠠᠭᠠᠨ᠎ᠠ ᠃      ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠲᠡᠵᠢᠭᠡᠨ ᠦᠷᠡᠵᠢᠭᠦᠯᠬᠦ ᠦᠨᠡᠮᠯᠡᠯ ᠤᠨ ᠦᠨᠡᠮᠯᠡᠯ ᠣᠯᠭᠤᠭᠰᠠᠨ ᠬᠡᠪᠴᠢᠶ᠎ᠡ ᠠᠴᠠ ᠦᠵᠡᠪᠡᠯ ᠂ ᠲᠠᠷᠢᠶᠠᠯᠠᠩ ᠤᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠵᠦ ᠪᠠᠶᠢᠭ᠎ᠠ ᠬᠠᠮᠲᠤ ᠶᠢᠨ ᠥᠮᠴᠢᠯᠡᠯ ᠤᠨ ᠪᠤᠶᠤ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ ᠂ ᠭᠤᠣᠯ ᠤᠨ ᠰᠠᠶᠢᠷᠭᠠᠯ ᠢ ᠳᠠᠭᠠᠭᠠᠴᠢᠯᠠᠨ ᠬᠡᠷᠡᠭᠯᠡᠵᠦ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠬᠢᠯᠡᠬᠦ ᠳᠤ ᠣᠯᠭᠤᠭᠰᠠᠨ ᠲᠡᠵᠢᠭᠡᠨ ᠦᠷᠡᠵᠢᠭᠦᠯᠬᠦ ᠦᠨᠡᠮᠯᠡᠯ ᠨᠢ ᠬᠠᠤᠯᠢ ᠴᠠᠭᠠᠵᠠ ᠶᠢᠨ ᠰᠢᠨᠵᠢ ᠴᠢᠨᠠᠷ ᠤᠨ ᠲᠠᠯ᠎ᠠ ᠪᠠᠷ ᠠᠷᠠᠳ ᠨᠡᠶᠢᠲᠡ ᠶᠢᠨ ᠥᠮᠴᠢᠯᠡᠯ ᠤᠨ ᠤᠰᠦᠠ ᠤ ᠴᠠᠷᠠᠭ᠎ᠠ ᠂ ᠭᠤᠣᠯ ᠤᠨ ᠰᠠᠶᠢᠷᠭᠠᠯ ᠢ ᠬᠡᠷᠡᠭᠯᠡᠵᠦ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠬᠢᠯᠡᠬᠦ ᠲᠡᠵᠢᠭᠡᠨ ᠦᠷᠡᠵᠢᠭᠦᠯᠬᠦ ᠦᠨᠡᠮᠯᠡᠯ ᠲᠠᠢ ᠠᠳᠠᠯᠢ ᠤᠶᠢᠭᠡᠢ ᠪᠠᠶᠢᠬᠤ ᠬᠡᠷᠡᠭᠲᠡᠢ ᠃ ᠦᠢᠯᠡᠳᠦᠯᠭᠡ ᠶᠢᠨ ᠳᠤᠮᠳᠠ ᠂ ᠡᠯ᠎ᠡ ᠭᠠᠵᠠᠷ ᠤᠨ ᠬᠢᠨ ᠶᠡᠷᠦ ᠳᠤ ᠪᠠᠨ ᠦᠨᠡᠮᠯᠡᠯ ᠤᠨ ᠥᠩᠭᠡ ᠂ ᠠᠭᠤᠯᠭ᠎ᠠ ᠶᠢᠨ ᠲᠠᠯ᠎ᠠ ᠶᠢᠨ ᠠᠳᠠᠯᠢ ᠪᠤᠰᠤ ᠪᠠᠷ ᠬᠤᠶᠠᠷ ᠵᠦᠢᠯ ᠤᠨ ᠦᠨᠡᠮᠯᠡᠯ ᠢ ᠢᠯᠭᠠᠳᠠᠭ ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号