ᠠᠤᠬᠠᠨ ᠬᠤᠰᠢᠭᠤ ᠪᠥᠬᠦ ᠤᠯᠤᠰ ᠤᠨ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/12/16
      ᠲᠦᠷᠦᠭᠦᠬᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠳᠣᠯᠣᠳᠤᠭᠠᠷ ᠪᠦᠯᠦᠭ ᠤᠨ ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ︵ᠬᠤᠲᠠ᠂ ᠲᠣᠭᠤᠷᠢᠭ︶ ᠤ ᠨᠡᠷᠡᠰ ᠢ ᠢᠯᠡ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠰᠢᠶᠠᠨ ︵ᠬᠤᠲᠠ᠂ ᠲᠣᠭᠤᠷᠢᠭ︶ ᠰᠣᠩᠭᠤᠭᠳᠠᠨ ᠣᠷᠣᠵᠤ᠂ ᠠᠤᠬᠠᠨ ᠬᠤᠰᠢᠭᠤ ᠡᠭᠦᠨ ᠳᠤ ᠵᠢᠭᠰᠠᠭᠠᠭᠳᠠᠵᠠᠢ᠃      ᠠᠤᠬᠠᠨ ᠬᠤᠰᠢᠭᠤ ᠨᠢ ᠲᠠᠷᠢᠶᠠᠯᠠᠩ ᠢᠶᠠᠷ ᠭᠤᠣᠯ ᠪᠣᠯᠭᠠᠭᠰᠠᠨ ᠂ ᠲᠠᠷᠢᠶᠠᠯᠠᠩ ᠮᠠᠯ ᠠᠵᠤ ᠠᠬᠤᠢ ᠶᠢ  ᠤᠶᠠᠯᠳᠤᠭᠤᠯᠤᠭᠰᠠᠨ ᠨᠢᠭᠡ ᠤᠯᠠᠷᠢᠯ ᠳᠤ ᠲᠠᠷᠢᠬᠤ ᠬᠤᠰᠢᠭᠤ ᠰᠢᠶᠠᠨ ᠪᠣᠯᠣᠨ᠎ᠠ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢ ᠵᠢᠯ ᠲᠤᠷᠰᠢ 187837hm² ᠳᠤ ᠲᠣᠭᠲᠠᠪᠤᠷᠢᠵᠢᠵᠤ᠂ ᠡᠭᠦᠨ ᠳᠤ ᠡᠷᠳᠡᠨᠢ ᠰᠢᠰᠢ ᠲᠠᠷᠢᠬᠤ ᠲᠠᠯᠠᠪᠠᠢ ᠨᠢ 86183hm²ᠪᠠᠶᠢᠵᠤ᠂ ᠪᠦᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢᠨ 45% ᠠᠴᠠ ᠳᠡᠭᠡᠭᠰᠢᠬᠢ ᠶᠢ ᠡᠵᠡᠯᠡᠵᠦ᠂ ᠡᠷᠳᠡᠨᠢ ᠰᠢᠰᠢ᠂ ᠨᠠᠷᠢᠮᠤ ᠶᠢ ᠭᠠᠷᠭᠠᠪᠠᠯ᠂ ᠪᠤᠰᠤᠳ ᠠᠮᠤ ᠪᠤᠳᠠᠭᠠᠨ ᠤ ᠲᠠᠷᠢᠮᠠᠯ ᠤᠨ ᠨᠢᠭᠡ ᠤᠯᠠᠷᠢᠯ ᠳᠤ ᠲᠠᠷᠢᠬᠤ ᠲᠠᠯᠠᠪᠠᠢ ᠨᠢ ᠴᠥᠮ ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠶᠢᠨ 25% ᠠᠴᠠ ᠪᠠᠭ᠎ᠠ ᠪᠠᠶᠢᠳᠠᠭ᠃      2021 ᠣᠨ ᠤ ᠡᠴᠦᠰ ᠪᠣᠯᠲᠠᠯ᠎ᠠ᠂ ᠪᠦᠭᠦ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠭᠦ ᠬᠦᠴᠦᠨ  ᠨᠢ 1006193 ᠺᠢᠯᠣᠸᠠᠲ ᠲᠤ ᠬᠦᠷᠴᠦ᠂ 21271 ᠰᠠᠭᠤᠷᠢ ᠬᠥᠳᠡᠯᠭᠡᠭᠴᠢ ᠬᠦᠴᠦᠨ ᠤ ᠮᠠᠰᠢᠨ ᠲᠠᠢ᠂ ᠡᠭᠦᠨ ᠳᠤ ᠲᠣᠮᠣ ᠳᠤᠮᠳᠠ ᠬᠡᠯᠪᠡᠷᠢ ᠶᠢᠨ ᠲᠷᠠᠺᠲ᠋ᠣᠷ 17711᠂ ᠳᠤᠮᠳᠠ ᠵᠢᠵᠢᠭ ᠬᠡᠯᠪᠡᠷᠢ ᠶᠢᠨ ᠲᠷᠠᠺᠲ᠋ᠣᠷ 3560 ᠰᠠᠭᠤᠷᠢ ᠂ ᠲᠠᠷᠢᠶᠠᠯᠠᠵᠤ ᠲᠡᠭᠰᠢᠯᠡᠬᠦ ᠮᠠᠰᠢᠨ 22954 ᠰᠠᠭᠤᠷᠢ ᠂ ᠲᠠᠷᠢᠶ᠎ᠠ ᠳᠠᠷᠢᠬᠤ ᠮᠠᠰᠢᠨ 16284 ᠰᠠᠭᠤᠷᠢ ᠂ ᠡᠷᠳᠡᠨᠢ ᠰᠢᠰᠢ ᠬᠤᠷᠢᠶᠠᠬᠤ ᠮᠠᠰᠢᠨ 538 ᠰᠠᠭᠤᠷᠢ ᠪᠠᠶᠢᠵᠤ᠂ ᠢᠵᠢ ᠪᠦᠷᠢᠳᠦᠭᠦᠯᠦᠭᠰᠡᠨ ᠬᠠᠷᠢᠴᠠᠯ ᠨᠢ 1.84 ᠬᠦᠷᠴᠡᠢ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠪᠤᠵᠠᠭᠠᠶᠢᠷᠠᠬᠤ ᠶᠢ ᠳᠠᠭᠠᠯᠳᠤᠨ᠂ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠵᠦ᠂ ᠣᠳᠣᠬᠠᠨ ᠳᠤ ᠪᠦᠭᠦ ᠬᠤᠰᠢᠭᠤᠨ ᠳᠤ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 159 ᠪᠠᠶᠢᠵᠤ᠂ ᠲᠠᠷᠢᠶᠠᠯᠠᠩ ᠤᠨ ᠮᠠᠰᠢᠨ ᠤ ᠬᠠᠳᠠᠭᠠᠯᠠᠯᠲᠠ ᠶᠢᠨ ᠬᠡᠮᠵᠢᠶ᠎ᠡ 5156 ᠰᠠᠭᠤᠷᠢ ᠪᠠᠶᠢᠵᠤ᠂ ᠵᠢᠯ ᠤᠨ ᠳᠤᠮᠳᠠᠴᠢ ᠦᠢᠯᠡᠴᠢᠯᠡᠭᠡᠨ ᠤ ᠲᠠᠯᠠᠪᠠᠢ  ᠨᠢ 237000hm²  ᠳᠤ ᠬᠦᠷᠴᠦ ᠪᠣᠢ ᠃      ᠣᠶᠢᠯᠠᠭᠠᠭᠰᠠᠨ ᠢᠶᠠᠷ᠂ 2016 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠦᠨᠡᠯᠡᠨ ᠲᠣᠭᠲᠠᠭᠠᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ ᠂ 2022 ᠣᠨ ᠪᠣᠯᠲᠠᠯ᠎ᠠ ᠪᠥᠬᠦ ᠤᠯᠤᠰ ᠲᠤ ᠨᠢᠭᠡᠨᠲᠡ 7 ᠪᠦᠯᠦᠭ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠮᠠᠭᠠᠳᠯᠠᠨ ᠲᠣᠭᠲᠠᠭᠠᠭᠰᠠᠨ ᠪᠠᠶᠢᠨ᠎ᠠ᠃ ᠰᠢᠯᠭᠠᠷᠠᠭᠤᠯᠤᠨ ᠰᠣᠩᠭᠤᠬᠤ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠵᠢᠱᠢᠶ᠎ᠡ ᠦᠵᠡᠭᠦᠯᠬᠦ ᠰᠢᠶᠠᠨ ᠢ ᠰᠢᠯᠭᠠᠨ ᠲᠣᠭᠲᠠᠭᠠᠬᠤ ᠠᠵᠢᠯ ᠢ ᠮᠤᠵᠢ ᠶᠢᠨ ᠱᠠᠲᠤᠨ ᠤ ᠠᠩᠬᠠᠨ ᠤ ᠰᠢᠯᠭᠠᠷᠠᠭᠤᠯᠤᠨ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠵᠡᠷᠭᠡ ᠭᠤᠭᠴᠤᠭ᠎ᠠ ᠪᠠᠷ ᠳᠡᠮᠵᠢᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ 114 ᠰᠢᠶᠠᠨ ︵ᠬᠤᠲᠠ ᠲᠣᠭᠤᠷᠢᠭ︶ ᠢ ᠪᠥᠬᠦ ᠤᠯᠤᠰ ᠤᠨ ᠳᠣᠯᠣᠳᠤᠭᠠᠷ ᠪᠦᠯᠦᠭ ᠤᠨ ᠭᠤᠣᠯ ᠪᠣᠯᠬᠤ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠮᠠᠭᠠᠳᠯᠠᠨ ᠲᠣᠭᠲᠠᠭᠠᠵᠤ᠂ ᠠᠤᠬᠠᠨ ᠬᠤᠰᠢᠭᠤ ᠶᠢ ᠢᠯᠡ ᠨᠡᠶᠢᠲᠡᠯᠡᠬᠦ ᠨᠡᠷᠡᠰ ᠲᠤ ᠣᠷᠤᠭᠤᠯᠪᠠ ᠃
24.jpg
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号