ᠮᠠᠨ ᠤ ᠤᠷᠤᠨ ᠤ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠪᠦᠬᠦ ᠤᠯᠤᠰ ᠲᠤ ᠳᠡᠳ᠋ᠯᠡᠵᠤ ᠪᠤᠢ
ᠨᠡᠶᠢᠲᠡᠯᠡᠭᠰᠡᠨ ᠴᠠᠭ᠄
2022/12/16
      ᠮᠠᠨ ᠤ ᠤᠷᠤᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ ᠂ ᠲᠠᠷᠢᠶᠠᠨ ᠭᠠᠵᠠᠷ ᠤᠨ ᠳᠠᠯᠠᠪᠠᠢ᠂ ᠶᠠᠰᠤ ᠴᠢᠨᠠᠷ ᠪᠠ ᠠᠮᠢ ᠠᠬᠤᠢ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠢᠶᠠᠷ ᠪᠦᠬᠦ ᠤᠷᠤᠨ ᠤ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠵᠢᠷᠤᠮᠵᠢᠭᠰᠠᠨ ᠬᠠᠮᠢᠶᠠᠷᠤᠯᠲᠠ ᠶᠢᠨ ᠲᠦᠪᠰᠢᠨ ᠢᠯᠡᠳᠲᠡ ᠳᠡᠭᠡᠭᠰᠢᠯᠡᠵᠤ᠂ ᠣᠳᠣ ᠪᠠᠶᠢᠭ᠎ᠠ ᠲᠠᠷᠢᠶᠠᠨ ᠭᠠᠵᠠᠷ ᠤᠨ ᠲᠠᠯᠠᠪᠠᠢ 1.72 ᠳ᠋ᠦᠩᠰᠢᠭᠤᠷ ᠮᠥ ᠳᠤ ᠬᠦᠷᠦᠬᠡᠳ ᠪᠦᠬᠦ ᠤᠯᠤᠰ ᠲᠤ ᠲᠡᠳ᠋ᠯᠡᠵᠤ ᠪᠤᠢ᠃      ᠲᠠᠷᠢᠶᠠᠨ ᠭᠠᠵᠠᠷ ᠢ ᠰᠠᠶᠢᠳᠤᠷ ᠬᠠᠮᠠᠭᠠᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠲᠠᠷᠢᠶᠠᠨ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠶᠢ ᠡᠷᠡᠰ ᠴᠠᠭᠠᠵᠠᠯᠠᠬᠤ ᠲᠤᠬᠠᠢ ᠬᠡᠷᠡᠭᠵᠢᠭᠦᠯᠬᠦ ᠲᠥᠰᠦᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠨᠡᠶᠢᠲᠡᠯᠡᠵᠦ ᠂ ᠲᠠᠷᠢᠶᠠᠨ ᠭᠠᠵᠠᠷ ᠢ ᠬᠠᠮᠠᠭᠠᠯᠠᠵᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃ ᠮᠠᠨ ᠤ ᠤᠷᠤᠨ ᠪᠠᠰᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ ᠦᠰᠦᠭ ᠵᠢᠷᠤᠵᠤ᠂ ᠭᠠᠵᠠᠷ ᠣᠷᠣᠨ ᠤ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭᠠᠲᠤ ᠬᠠᠷᠠᠯᠲᠠ ᠶᠢᠨ ᠬᠢᠨᠠᠨ ᠰᠢᠯᠭᠠᠯᠲᠠ ᠶᠢ ᠴᠢᠩᠭ᠎ᠠ ᠥᠷᠨᠢᠭᠦᠯᠵᠦ᠂ ᠨᠢᠭᠡ ᠪᠢᠯᠧᠲ ᠢᠶᠠᠷ ᠦᠭᠡᠶᠢᠰᠭᠡᠬᠦ ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠪᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠳᠬᠠᠨ ᠂ 13386 ᠲᠦᠮᠡᠨ ᠮᠥ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠵᠤ᠂ ᠤᠯᠤᠰ ᠤᠨ ᠤᠤᠯ ᠤᠨ ᠪᠠᠭᠤᠯᠭᠠᠭᠰᠠᠨ ᠬᠠᠷᠠᠯᠲᠠ ᠡᠭᠦᠷᠭᠡ ᠠᠴᠠ 4086 ᠲᠦᠮᠡᠨ ᠮᠥ ᠨᠡᠮᠡᠭᠳᠡᠭᠦᠯᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠳᠬᠠᠬᠤ ᠪᠠᠷ ᠳᠠᠮᠵᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠠᠯᠠᠪᠠᠢ ᠬᠠᠰᠤᠭᠳᠠᠬᠰᠠᠨ ᠥᠬᠡᠢ ᠮᠦᠷᠳᠡᠬᠡᠨ ᠶᠠᠰᠤ ᠴᠢᠨᠠᠷ ᠨᠢ ᠳᠡᠭᠡᠭᠰᠢᠯᠡᠭᠰᠡᠨ᠂ ᠪᠠᠶᠢᠷᠢᠰᠢᠯ ᠨᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠠᠢ᠃      ᠡᠭᠦᠨ ᠤ ᠬᠠᠮᠲᠤ᠂ ᠮᠠᠨ ᠤ ᠤᠷᠤᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠲᠠᠰᠤᠷᠠᠯᠲᠠ ᠥᠬᠡᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠨᠥᠬᠦᠪᠥᠷᠢᠯᠡᠭᠰᠡᠨ ᠳᠠᠩᠰᠠ ᠡᠪᠬᠡᠮᠡᠯ ᠢ ᠵᠤᠬᠢᠶᠠᠨ ᠪᠦᠷᠢᠨᠰᠢᠬᠦᠯᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠬᠢᠨᠠᠨ ᠲᠣᠭᠲᠠᠭᠠᠬᠤ ᠶᠢ ᠴᠢᠩᠳᠠᠯᠠᠨ᠂ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ᠂ ᠰᠢᠨ᠎ᠡ ᠪᠠᠷ ᠨᠡᠮᠡᠭᠳᠡᠭᠦᠯᠬᠦ ᠲᠠᠷᠢᠶᠠᠨ ᠭᠠᠵᠠᠷ ᠢ ᠬᠢᠨᠠᠨ ᠲᠣᠭᠲᠠᠭᠠᠬᠤ᠂ ᠭᠦᠢᠴᠡᠳᠭᠡᠯ ᠲᠤᠭ᠎ᠠ ᠪᠠᠷ ᠠᠷᠠᠯᠵᠢᠶᠠᠯᠠᠬᠤ ᠪᠦᠬᠦ ᠶᠠᠪᠤᠴᠠ ᠶᠢ ᠬᠢᠨᠠᠨ ᠬᠠᠮᠢᠶᠠᠷᠬᠤ ᠲᠦᠷᠢᠮ ᠢ ᠪᠠᠶᠢᠭᠤᠯᠵᠤ ᠂ ︽ᠡᠵᠡᠯᠡᠨ ᠬᠡᠷᠡᠭᠯᠡᠭᠰᠡᠨ ᠨᠢ ᠲᠣᠳᠣᠷᠬᠠᠢ᠂ ᠬᠢᠨᠠᠨ ᠬᠠᠷᠭᠤᠭᠤᠯᠤᠭᠰᠠᠨ ᠨᠢ ᠴᠢᠩᠭ᠎ᠠ᠂ ᠦᠨᠡᠨ ᠪᠣᠳᠠᠲᠠᠢ ᠪᠠᠷ ᠨᠥᠬᠦᠪᠥᠷᠢᠯᠡᠬᠦ︾ ᠶᠢ ᠪᠡᠶᠡᠯᠡᠭᠦᠯᠵᠦ᠂ ᠨᠥᠬᠦᠪᠥᠷᠢᠯᠡᠭᠰᠡᠨ ᠲᠠᠷᠢᠶᠠᠨ ᠭᠠᠵᠠᠷ ᠤᠨ ᠳᠠᠯᠠᠪᠠᠢ ᠪᠠ ᠶᠠᠰᠤ ᠴᠢᠨᠠᠷ ᠢ ᠴᠥᠮ ᠪᠣᠲᠠᠲᠠᠶᠢᠵᠢᠭᠤᠯᠬᠤ ᠶᠢ ᠪᠠᠲᠤᠯᠠᠭᠰᠠᠨ ᠪᠠᠶᠢᠨ᠎ᠠ ᠃ ᠪᠠᠰᠠ ᠲᠠᠷᠢᠶᠠᠨ ᠭᠠᠵᠠᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠠᠢ᠃ ᠲᠤᠬᠠᠢ ᠶᠢᠨ ᠭᠠᠵᠠᠷ ᠤᠨ ᠬᠢᠨ ᠬᠥᠳᠡᠭᠡ ᠲᠤᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠬᠤ ᠵᠡᠷᠭᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠲᠠᠷᠢᠶᠠᠯᠠᠩ ᠤᠨ ᠪᠤᠰᠤ ᠪᠤᠯᠭᠠᠬᠤ︾ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠡᠵᠡᠮᠳᠡᠨ᠂ ᠲᠠᠷᠢᠶᠠᠨ ᠭᠠᠵᠠᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠨ ᠭᠠᠵᠠᠷ ᠢ ᠡᠵᠡᠯᠡᠬᠦ ᠠᠰᠠᠭᠤᠳᠠᠯ ᠢ ︽ᠥᠴᠦᠬᠡᠨ ᠴᠦ ᠠᠭᠤᠴᠢᠯᠠᠬᠤ ᠥᠬᠡᠢ︾ ᠪᠠᠷ ᠪᠠᠶᠢᠴᠠᠭᠠᠨ ᠰᠢᠢᠳᠪᠦᠷᠢᠯᠡᠵᠤ ᠪᠠᠶᠢᠨ᠎ᠠ ᠃      ᠮᠠᠨ ᠤ ᠤᠷᠤᠨ ᠡᠶᠢᠨ ᠬᠦ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠪᠠᠷ ᠲᠠᠮᠵᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠪᠠ᠃ ᠤᠳᠤ ᠮᠠᠨ ᠤ ᠤᠷᠤᠨ ᠪᠦᠬᠦ ᠤᠯᠤᠰ ᠤᠨ ᠲᠠᠷᠢᠶᠠᠨ ᠭᠠᠵᠠᠷ ᠤᠨ ᠳᠠᠯᠠᠪᠠᠢ ᠳ᠋ᠦᠩᠰᠢᠭᠤᠷ ᠮᠥ ᠶᠢ ᠳᠠᠪᠠᠭᠰᠠᠨ 5 ᠮᠣᠵᠢ ᠦᠪᠡᠷᠳᠡᠬᠡᠨ ᠵᠠᠰᠠᠬᠤ ᠣᠷᠣᠨ ᠤ ᠨᠢᠭᠡ ᠪᠣᠯᠵᠤ᠂ ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ 13 ᠭᠤᠤᠯ ᠭᠠᠷᠤᠯᠳᠠ ᠶᠢᠨ ᠮᠣᠵᠢ ᠦᠪᠡᠷᠳᠡᠬᠡᠨ ᠵᠠᠰᠠᠬᠤ ᠣᠷᠣᠨ ᠪᠤᠯᠤᠨ ᠠᠮᠤ ᠪᠤᠳᠠᠭ᠎ᠠ ᠶᠢ ᠬᠡᠪᠴᠢᠶᠡᠵᠢᠭᠦᠯᠦᠨ ᠭᠠᠳᠠᠭᠰᠢ ᠭᠠᠷᠭᠠᠬᠤ 8 ᠮᠣᠵᠢ ᠦᠪᠡᠷᠳᠡᠬᠡᠨ ᠵᠠᠰᠠᠬᠤ ᠣᠷᠣᠨ ᠤ ᠨᠢᠭᠡ ᠪᠣᠯᠵᠤ᠂ ᠵᠢᠯ ᠪᠦᠷᠢ ᠶᠢᠨ ᠠᠮᠤ ᠪᠤᠳᠠᠭᠠᠨ ᠤ ᠶᠡᠷᠦᠩᠬᠡᠢ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢᠬᠢ ᠬᠡᠮᠵᠢᠶᠡᠨ ᠳᠤ ᠲᠣᠭᠲᠠᠪᠤᠷᠢᠵᠢᠭᠤᠯᠵᠤ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号